ᠠᠵᠢᠯᠴᠢᠨ ᠬᠡᠷᠡᠭᠯᠡᠬᠦ ᠠᠵᠢᠯᠯᠠᠭ᠎ᠠ ᠶᠢ ᠵᠢᠷᠤᠮᠵᠢᠭᠤᠯᠵᠤ ᠬᠠᠤᠯᠢ ᠶᠣᠰᠤᠨ ᠤ ᠡᠷᠬᠡ ᠠᠰᠢᠭ ᠢ ᠬᠠᠮᠠᠭᠠᠯᠠᠨ᠎ᠠ
ᠨᠡᠶᠢᠲᠡᠯᠡᠭᠰᠡᠨ ᠴᠠᠭ᠄
2024/7/17
    ᠪᠠᠶᠢᠭᠤᠯᠵᠤ ᠪᠠᠶᠢᠭ᠎ᠠ ᠲᠥᠷᠥᠯ ᠵᠦᠢᠯ ᠤᠨ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠦᠢᠯᠡ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠨᠢᠭᠡᠴᠡ ᠶᠢᠨ ᠬᠠᠤᠯᠢ ᠶᠢ ᠰᠠᠬᠢᠬᠤ ᠤᠬᠠᠮᠰᠠᠷᠲᠤ ᠴᠢᠨᠠᠷ ᠢ ᠨᠡᠮᠡᠭᠳᠡᠭᠦᠯᠬᠦ ᠶᠢᠨ ᠲᠥᠯᠥᠭᠡ᠂ ᠡᠨᠡ ᠵᠢᠯ ᠠᠴᠠ ᠨᠠᠰᠢ᠂ ᠲᠦᠮᠡᠳ ᠵᠡᠭᠦᠨ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠴᠠ ᠪᠥᠬᠦ ᠬᠤᠰᠢᠭᠤᠨ ᠤ ᠪᠠᠶᠢᠭᠤᠯᠵᠤ ᠪᠠᠶᠢᠭ᠎ᠠ ᠪᠠᠷᠢᠯᠭ᠎ᠠ ᠶᠢᠨ ᠲᠥᠷᠥᠯ ᠵᠦᠢᠯ ᠤᠨ ︽ᠲᠠᠪᠤᠨ ᠳᠠᠳᠬᠠᠯ ᠨᠢᠭᠡ ᠮᠥᠩᠭᠦ︾ ᠶᠢᠨ ᠲᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠣᠯᠠᠨ ᠤᠳᠠᠭᠠᠨ ᠤ ᠲᠤᠰᠬᠠᠶ ᠪᠠᠶᠢᠴᠠᠭᠠᠯᠲᠠ ᠬᠢᠪᠡ᠃    ᠪᠠᠶᠢᠴᠠᠭᠠᠬᠤ ᠳᠤᠭᠤᠶᠢᠯᠠᠩ ᠪᠠᠶᠢᠭᠤᠯᠵᠤ ᠪᠠᠶᠢᠭ᠎ᠠ ᠲᠥᠷᠥᠯ ᠵᠦᠢᠯ ᠤᠨ ᠪᠠᠷᠢᠯᠭ᠎ᠠ ᠶᠢᠨ ᠭᠠᠵᠠᠷ ᠲᠤ ᠭᠦᠨᠵᠡᠭᠡᠶᠢᠷᠡᠨ᠂ ᠬᠥᠳᠡᠯᠮᠦᠷᠢ ᠶᠢᠨ ᠭᠡᠷ᠎ᠡ ᠲᠣᠭᠲᠠᠭᠰᠠᠨ ᠪᠠᠶᠢᠳᠠᠯ ᠪᠠ ᠬᠥᠯᠥᠰᠥᠨ ᠠᠵᠢᠯᠴᠢᠨ ᠤ ᠴᠠᠯᠢᠩ ᠢ ᠥᠭᠬᠦ ᠬᠠᠮᠢᠶᠠᠷᠤᠯᠲᠠ ᠶᠢᠨ ᠡᠬᠡ ᠲᠠᠩᠰᠠ᠂ ᠨᠡᠷᠡᠰ ᠤᠨ ᠳᠡᠪᠲᠡᠷ᠂ ᠴᠠᠯᠢᠩ ᠥᠭᠬᠦ ᠬᠦᠰᠦᠨᠦᠭᠲᠦ ᠵᠡᠷᠭᠡ ᠠᠭᠤᠯᠭ᠎ᠠ ᠶᠢ ᠭᠤᠤᠯᠳᠠᠯᠭ᠎ᠠ ᠲᠠᠢ ᠪᠠᠶᠢᠴᠠᠭᠠᠭᠰᠠᠨ ᠪᠥᠭᠡᠳ ᠲᠤᠬᠠᠶ ᠶᠢᠨ ᠲᠠᠯᠠᠪᠤᠷ ᠲᠤ ᠬᠥᠯᠥᠰᠥᠨ ᠠᠵᠢᠯᠴᠢᠨ ᠤ ᠴᠠᠯᠢᠩ ᠢ ᠲᠠᠯᠪᠢᠵᠤ ᠪᠠᠶᠢᠭ᠎ᠠ ᠪᠠᠶᠢᠳᠠᠯ ᠢ ᠯᠠᠪᠯᠠᠨ ᠠᠰᠠᠭᠤᠪᠠ᠃ ᠪᠠᠶᠢᠴᠠᠭᠠᠬᠤ ᠶᠠᠪᠤᠴᠠ ᠳᠤ ᠣᠯᠵᠤ ᠮᠡᠳᠡᠭᠰᠡᠨ ᠠᠰᠠᠭᠤᠳᠠᠯ ᠳᠤ ᠴᠢᠭᠯᠡᠭᠦᠯᠦᠨ᠂ ᠪᠠᠶᠢᠴᠠᠭᠠᠬᠤ ᠳᠤᠭᠤᠶᠢᠯᠠᠩ ᠲᠤᠬᠠᠶ ᠶᠢᠨ ᠲᠠᠯᠠᠪᠠᠶ ᠳᠤ ᠲᠥᠷᠥᠯ ᠵᠦᠢᠯ ᠤᠨ ᠬᠠᠷᠢᠭᠤᠴᠠᠯᠭᠠᠲᠠᠨ ᠳᠤ ᠬᠠᠷᠢᠭᠤ ᠲᠤᠰᠬᠠᠵᠤ᠂ ᠳᠠᠷᠦ᠋ᠢᠬᠠᠨ ᠴᠡᠭᠴᠡᠯᠡᠨ ᠰᠠᠶᠢᠵᠢᠷᠠᠭᠤᠯᠬᠤ ᠶᠢ ᠱᠠᠭᠠᠷᠳᠠᠬᠤ ᠶᠢᠨ ᠬᠠᠮᠲᠤ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ ᠵᠠᠷᠯᠢᠭ ᠤᠨ ᠪᠢᠴᠢᠭ ᠪᠠᠭᠤᠯᠭᠠᠪᠠ᠃ ᠣᠳᠣᠬᠠᠨ ᠪᠣᠯᠲᠠᠯ᠎ᠠ᠂ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠬᠥᠳᠡᠯᠮᠦᠷᠢ ᠶᠢᠨ ᠪᠠᠲᠤᠯᠠᠭ᠎ᠠ ᠶᠢᠨ ᠬᠢᠨᠠᠨ ᠪᠠᠶᠢᠴᠠᠭᠠᠯᠲᠠ ᠶᠢᠨ ᠵᠠᠷᠯᠢᠭᠳᠠᠨ ᠵᠠᠯᠠᠷᠠᠭᠤᠯᠬᠤ ᠲᠣᠭᠲᠠᠭᠠᠯ ᠤᠨ ᠪᠢᠴᠢᠭ ᠢ 83 ᠬᠤᠪᠢ ᠪᠠᠭᠤᠯᠭᠠᠵᠤ᠂ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠮᠡᠳᠡᠭᠳᠡᠯ ᠤᠨ ᠪᠢᠴᠢᠭ ᠢ 44 ᠬᠤᠪᠢ ᠪᠠᠭᠤᠯᠭᠠᠵᠤ᠂ ᠰᠢᠢᠳᠬᠡᠯ ᠤᠨ ᠭᠡᠷᠡᠴᠢᠯᠡᠯᠲᠡ ᠰᠣᠨᠣᠰᠬᠤ ᠮᠡᠳᠡᠭᠳᠡᠯ ᠤᠨ ᠪᠢᠴᠢᠭ 16 ᠬᠤᠪᠢ ᠪᠠᠭᠤᠯᠭᠠᠪᠠ᠃    ᠡᠨᠡ ᠵᠢᠯ ᠠᠴᠠ ᠨᠠᠰᠢ᠂ ᠮᠠᠨ ᠤ ᠬᠤᠰᠢᠭᠤ ︽ᠬᠤᠶᠠᠷ ᠢ ᠰᠠᠭᠤᠨ ᠬᠤᠶᠠᠷ ᠢ ᠪᠠᠶᠢᠴᠠᠭᠠᠬᠤ︾ ᠲᠦᠷᠢᠮ ᠤᠨ ᠱᠠᠭᠠᠷᠳᠠᠯᠭ᠎ᠠ ᠶᠣᠰᠣᠭᠠᠷ᠂ ᠨᠡᠶᠢᠲᠡ 91 ᠬᠥᠮᠦᠨ ᠲᠣᠮᠢᠯᠠᠨ ᠰᠠᠭᠤᠯᠭᠠᠵᠤ᠂ ᠭᠤᠤᠯᠳᠠᠯᠭ᠎ᠠ ᠲᠠᠢ ᠲᠥᠷᠥᠯ ᠵᠦᠢᠯ ᠪᠠ ᠠᠵᠤ ᠠᠬᠤᠶᠢᠯᠠᠯ ᠢ ᠴᠢᠩᠭ᠎ᠠ ᠠᠩᠬᠠᠷᠴᠤ᠂ ᠡᠳᠦᠷ ᠲᠤᠲᠤᠮ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠴᠢᠩᠭᠠᠳᠬᠠᠵᠤ᠂ ᠰᠠᠭᠤᠷᠢ ᠲᠤᠭ᠎ᠠ ᠶᠢ ᠪᠥᠬᠦ ᠲᠠᠯ᠎ᠠ ᠪᠠᠷ ᠲᠣᠳᠣᠷᠬᠠᠶ ᠣᠶᠢᠯᠠᠭᠠᠵᠤ᠂ ᠡᠬᠡ ᠲᠠᠩᠰᠠ ᠪᠠᠶᠢᠭᠤᠯᠵᠤ᠂ ᠬᠥᠯᠥᠰᠥᠨ ᠠᠵᠢᠯᠴᠢᠨ ᠤ ᠴᠠᠯᠢᠩ ᠢ ᠥᠭᠬᠦ ᠶᠢ ᠪᠠᠲᠤᠯᠠᠬᠤ ︽ᠲᠠᠪᠤᠨ ᠳᠠᠭᠠᠳᠬᠠᠯ ᠨᠢᠭᠡ ᠮᠥᠩᠭᠦ︾ ᠶᠢᠨ ᠲᠦᠷᠢᠮ ᠢ ᠨᠠᠶᠢᠳᠠᠪᠤᠷᠢᠵᠢᠭᠤᠯᠬᠤ ᠠᠵᠢᠯ ᠢ ᠦᠷᠭᠦᠯᠵᠢᠯᠡᠨ ᠰᠠᠶᠢᠲᠤᠷ ᠠᠳᠬᠤᠪᠠ᠃ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠪᠠᠰᠠ ᠡᠭᠦᠨ ᠢᠶᠠᠷ ᠠᠵᠠ ᠲᠣᠬᠢᠶᠠᠯ ᠪᠣᠯᠭᠠᠵᠤ᠂ ᠬᠥᠮᠦᠨ ᠬᠡᠷᠡᠭᠯᠡᠬᠦ ᠨᠢᠭᠡᠴᠡ ᠶᠢᠨ ᠠᠵᠢᠯᠴᠢᠨ ᠬᠡᠷᠡᠭᠯᠡᠬᠦ ᠦᠢᠯᠡ ᠠᠵᠢᠯᠯᠠᠭ᠎ᠠ ᠶᠢ ᠬᠢᠨᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠬᠥᠮᠦᠨ ᠬᠡᠷᠡᠭᠯᠡᠬᠦ ᠨᠢᠭᠡᠴᠡ ᠶᠢᠨ ᠬᠠᠤᠯᠢ ᠶᠣᠰᠣᠭᠠᠷ ᠠᠵᠢᠯᠴᠢᠨ ᠬᠡᠷᠡᠭᠯᠡᠬᠦ ᠶᠢ ᠵᠢᠷᠤᠮᠵᠢᠭᠤᠯᠵᠤ᠂ ᠬᠥᠳᠡᠯᠮᠦᠷᠢᠴᠢᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠪᠠᠲᠤᠯᠠᠵᠤ᠂ ᠪᠥᠬᠦ ᠬᠤᠰᠢᠭᠤᠨ ᠤ ᠬᠥᠳᠡᠯᠮᠦᠷᠢ ᠶᠢᠨ ᠬᠠᠷᠢᠴᠠᠭ᠎ᠠ ᠶᠢᠨ ᠡᠶ᠎ᠡ ᠵᠣᠬᠢᠴᠠᠯ ᠲᠠᠢ ᠲᠣᠭᠲᠠᠭᠤᠨ ᠪᠠᠶᠢᠬᠤ ᠶᠢ ᠪᠠᠲᠤᠯᠠᠨ᠎ᠠ᠃
 
ᠢᠷᠡᠯᠲᠡ᠄ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号