ᠲᠦᠮᠡᠳ ᠵᠡᠭᠦᠨ ᠬᠤᠰᠢᠭᠤᠨ ᠤ ᠵᠡᠮᠳᠡᠭᠴᠦᠳ ᠤᠨ ᠬᠤᠯᠪᠣᠭ᠎ᠠ ᠬᠤᠲᠠ ᠪᠠᠯᠭᠠᠰᠤᠨ ᠤ ᠵᠡᠮᠳᠡᠭᠴᠦᠳ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠥᠷᠨᠢᠭᠦᠯᠪᠡ
ᠨᠡᠶᠢᠲᠡᠯᠡᠭᠰᠡᠨ ᠴᠠᠭ᠄
2024/7/17
  ᠵᠡᠮᠳᠡᠭᠴᠦᠳ ᠤᠨ ᠠᠵᠢᠯ ᠣᠯᠭᠤᠯᠲᠠ ᠶᠢᠨ ᠰᠢᠨ᠎ᠡ ᠬᠡᠯᠪᠡᠷᠢ ᠪᠠᠶᠢᠳᠠᠯ ᠢ ᠥᠷᠭᠡᠳᠬᠡᠵᠦ᠂ ︽ᠵᠡᠮᠳᠡᠭᠴᠦᠳ ᠤᠨ ᠠᠵᠢᠯ ᠣᠯᠭᠤᠯᠲᠠ ᠶᠢ ᠠᠬᠢᠭᠤᠯᠬᠤ ᠭᠤᠷᠪᠠᠨ ᠵᠢᠯ ᠤᠨ ᠠᠵᠢᠯᠯᠠᠭᠠᠨ ᠤ ᠲᠥᠰᠦᠯ ︵2022 - 2024︶︾ ᠢ ᠪᠥᠬᠦ ᠲᠠᠯ᠎ᠠ ᠪᠠᠷ ᠪᠡᠶᠡᠯᠡᠭᠦᠯᠵᠦ᠂ ᠵᠡᠮᠳᠡᠭᠴᠦᠳ ᠤᠨ ᠬᠥᠳᠡᠯᠮᠦᠷᠢ ᠠᠵᠢᠯ ᠤᠯᠬᠤ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ ᠲᠦᠮᠡᠳ ᠵᠡᠭᠦᠨ ᠬᠤᠰᠢᠭᠤᠨ ᠤ ᠵᠡᠮᠳᠡᠭᠴᠦᠳ ᠤᠨ ᠬᠤᠯᠪᠣᠭ᠎ᠠ ᠨᠢ ᠵᠡᠮᠳᠡᠭᠴᠦᠳ ᠤᠨ ᠠᠮᠢᠳᠤᠷᠠᠯ ᠪᠠ ᠲᠣᠰ ᠪᠡᠶ᠎ᠡ ᠶᠢᠨ ᠨᠥᠬᠦᠴᠡᠯ ᠢ ᠦᠨᠳᠦᠰᠦᠯᠡᠨ᠂ ᠮᠠᠨ ᠤ ᠬᠤᠰᠢᠭᠤᠨ ᠤ ᠵᠡᠮᠳᠡᠭᠴᠦᠳ ᠤᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ 7 ᠰᠠᠷ᠎ᠠ ᠶᠢᠨ 15 ᠤ ᠡᠳᠦᠷ ᠠᠴᠠ 7 ᠰᠠᠷ᠎ᠠ ᠶᠢᠨ 16 ᠤ ᠡᠳᠦᠷ ᠪᠣᠯᠲᠠᠯ᠎ᠠ ᠬᠤᠰᠢᠭᠤᠨ ᠤ ᠬᠡᠪᠴᠢᠶᠡᠨ ᠳᠣᠲᠣᠷᠠᠬᠢ 24 ᠬᠤᠲᠠ ᠪᠠᠯᠭᠠᠰᠤᠨ ᠤ ᠵᠡᠮᠳᠡᠭᠴᠦᠳ ᠢ ᠵᠣᠬᠢᠶᠠᠨ ᠪᠠᠶᠢᠭᠤᠯᠵᠤ ᠵᠡᠮᠳᠡᠭᠴᠦᠳ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠥᠷᠨᠢᠭᠦᠯᠪᠡ᠃    ᠲᠣᠰ ᠤᠳᠠᠭᠠᠨ ᠤ ᠪᠣᠯᠪᠠᠰᠤᠷᠠᠭᠤᠯᠤᠯ ᠤᠨ ᠭᠤᠤᠯ ᠠᠭᠤᠯᠭ᠎ᠠ ᠨᠢ ᠭᠠᠷ ᠤᠷᠠᠯᠢᠭ ᠤᠨ ᠨᠡᠬᠡᠮᠡᠯ᠂ ᠬᠢᠴᠢᠶᠡᠯᠯᠡᠬᠦ ᠪᠠᠭᠰᠢ ᠨᠢ ᠣᠨᠣᠯ ᠪᠠ ᠦᠢᠯᠡᠳᠦᠯᠭᠡ ᠶᠢ ᠬᠠᠷᠢᠯᠴᠠᠨ ᠤᠶᠠᠯᠳᠤᠭᠤᠯᠤᠭᠰᠠᠨ ᠵᠢᠭᠠᠨ ᠰᠤᠷᠭᠠᠯᠲᠠ ᠶᠢᠨ ᠵᠠᠭᠪᠤᠷ ᠢ ᠬᠡᠷᠡᠭᠯᠡᠨ᠂ ᠬᠢᠴᠢᠶᠡᠯ ᠤᠨ ᠠᠭᠤᠯᠭ᠎ᠠ ᠨᠢ ᠡᠯᠪᠡᠭ ᠪᠠᠶᠠᠯᠢᠭ ᠪᠣᠳᠠᠲᠤ ᠬᠡᠷᠡᠭᠴᠡᠭᠡ ᠲᠠᠢ᠂ ᠲᠣᠰ ᠤᠳᠠᠭᠠᠨ ᠤ ᠪᠣᠯᠪᠠᠰᠤᠷᠠᠭᠤᠯᠤᠯ ᠤᠨ ᠬᠡᠷᠡᠭᠴᠡᠭᠡ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠤᠨ᠂ ᠲᠡᠷᠡᠴᠢᠯᠡᠨ ᠬᠢᠯᠪᠠᠷ ᠣᠶᠢᠯᠠᠭᠠᠮᠵᠢᠲᠠᠶ ᠦᠭᠡ ᠬᠡᠯᠡ ᠪᠠᠷ ᠵᠡᠮᠳᠡᠭ ᠰᠤᠷᠤᠭᠴᠢᠳ ᠲᠤ ᠪᠥᠬᠦ ᠲᠠᠯ᠎ᠠ ᠶᠢᠨ ᠰᠢᠰᠲ᠋ᠧᠮ ᠲᠠᠢ ᠪᠣᠯᠪᠠᠰᠤᠷᠠᠭᠤᠯᠤᠯ ᠬᠢᠵᠦ᠂ ᠪᠣᠯᠪᠠᠰᠤᠷᠠᠭᠤᠯᠤᠯ ᠳᠤ ᠣᠷᠣᠯᠴᠠᠬᠤ ᠰᠤᠷᠤᠭᠴᠢᠳ ᠢ ᠬᠠᠪᠰᠤᠷᠤᠨ ᠬᠠᠮᠢᠶ᠎ᠠ ᠪᠥᠬᠦᠶ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠤᠯᠠᠮ ᠨᠢᠭᠡ ᠠᠯᠬᠤᠮ ᠡᠵᠡᠮᠰᠢᠭᠦᠯᠵᠦ᠂ ᠵᠡᠮᠳᠡᠭᠴᠦᠳ ᠲᠤ ᠰᠢᠰᠲ᠋ᠧᠮ ᠲᠠᠢ ᠰᠤᠷᠤᠯᠴᠠᠬᠤ ᠲᠠᠪᠴᠠᠩ ᠪᠠᠶᠢᠭᠤᠯᠤᠨ ᠥᠭᠴᠦ᠂ ᠴᠣ ᠰᠢᠨ᠎ᠡ ᠠᠵᠢᠯ ᠣᠯᠭᠤᠬᠤ ᠴᠢᠭᠯᠡᠯ ᠢ ᠬᠠᠩᠭᠠᠭᠰᠠᠨ ᠪᠠᠶᠢᠨ᠎ᠠ᠃ ᠪᠠᠭᠰᠢ ᠨᠠᠷ ᠤᠷ᠎ᠠ ᠮᠡᠷᠭᠡᠵᠢᠯ ᠢ ᠬᠦᠯᠢᠴᠡᠩᠭᠦᠢ ᠪᠠᠷ ᠲᠠᠶᠢᠯᠪᠤᠷᠢᠯᠠᠨ ᠶᠠᠷᠢᠵᠤ᠂ ᠰᠤᠷᠤᠭᠴᠢᠳ ᠨᠢᠭᠡ ᠰᠡᠳᠬᠢᠯ ᠢᠶᠠᠷ ᠰᠤᠷᠤᠯᠴᠠᠨ᠂ ᠳᠦᠷᠰᠦ ᠪᠦᠲᠦᠭᠡᠯᠲᠡ ᠭᠤᠶᠢᠳᠠ ᠰᠠᠶᠢᠬᠠᠨ᠂ ᠭᠤᠶᠢᠳᠠ ᠰᠠᠶᠢᠬᠠᠨ ᠭᠠᠷ ᠤᠷᠠᠯᠠᠯ ᠤᠨ ᠪᠦᠲᠦᠭᠡᠭᠳᠡᠬᠦᠨ ᠢ ᠵᠣᠬᠢᠶᠠᠨ ᠪᠦᠲᠦᠭᠡᠵᠡᠢ᠃    ᠲᠣᠰ ᠤᠳᠠᠭᠠᠨ ᠤ ᠪᠣᠯᠪᠠᠰᠤᠷᠠᠭᠤᠯᠤᠯ ᠨᠢ ᠵᠡᠮᠳᠡᠭᠴᠦᠳ ᠤᠨ ᠥᠪᠡᠷ ᠤᠨ ᠥᠷᠲᠡᠭ ᠢᠶᠠᠨ ᠪᠡᠶᠡᠯᠡᠭᠦᠯᠬᠦ ᠢᠲᠡᠭᠡᠯ ᠢ ᠪᠠᠲᠤᠳᠬᠠᠵᠤ᠂ ᠵᠡᠮᠳᠡᠭᠴᠦᠳ ᠤᠨ ᠳᠣᠲᠣᠭᠠᠳᠤ ᠶᠢᠨ ᠬᠥᠭᠵᠢᠯᠲᠡ ᠶᠢᠨ ᠬᠥᠳᠡᠯᠭᠡᠬᠦ ᠬᠦᠴᠦᠨ ᠢ ᠬᠥᠭᠵᠢᠭᠡᠭᠰᠡᠨ ᠪᠠᠶᠢᠨ᠎ᠠ᠃ ᠲᠦᠮᠡᠳ ᠵᠡᠭᠦᠨ ᠬᠤᠰᠢᠭᠤᠨ ᠤ ᠵᠡᠮᠳᠡᠭᠴᠦᠳ ᠤᠨ ᠬᠤᠯᠪᠣᠭᠠᠲᠤ ᠬᠤᠷᠠᠯ ᠬᠤᠶᠢᠰᠢᠳᠠ ᠶᠢᠨ ᠠᠵᠢᠯ ᠤᠨ ᠳᠤᠮᠳᠠ ᠪᠠᠨ ᠵᠡᠮᠳᠡᠭᠴᠦᠳ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠤᠨ ᠬᠡᠷᠡᠭᠴᠡᠭᠡ ᠶᠢ ᠦᠷᠭᠦᠯᠵᠢᠯᠡᠨ ᠠᠩᠬᠠᠷᠴᠤ᠂ ᠪᠣᠯᠪᠠᠰᠤᠷᠠᠭᠤᠯᠤᠯ ᠤᠨ ᠠᠭᠤᠯᠭ᠎ᠠ ᠪᠠ ᠠᠷᠭ᠎ᠠ ᠮᠠᠶ᠋ᠢᠭ ᠢᠶᠠᠨ ᠲᠠᠰᠤᠷᠠᠯᠲᠠ ᠥᠬᠡᠶ ᠲᠡᠭᠦᠯᠳᠡᠷᠵᠢᠭᠦᠯᠦᠨ᠂ ᠵᠡᠮᠳᠡᠭᠴᠦᠳ ᠲᠤ ᠳᠣᠭᠢᠷᠠᠬᠤ ᠨᠠᠩ ᠣᠯᠠᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠤᠨ ᠠᠵᠢᠯᠯᠠᠭ᠎ᠠ ᠶᠢ ᠢᠳᠡᠪᠬᠢᠲᠡᠶ ᠡᠷᠭᠢᠯᠡᠵᠦ᠂ ᠨᠠᠩ ᠣᠯᠠᠨ ᠵᠡᠮᠳᠡᠭᠴᠦᠳ ᠢ ᠬᠠᠪᠰᠤᠷᠤᠨ ᠨᠢᠭᠡ ᠵᠦᠢᠯ ᠤᠨ ᠮᠡᠷᠭᠡᠵᠢᠯ ᠢ ᠡᠵᠡᠮᠰᠢᠭᠦᠯᠵᠦ᠂ ᠵᠡᠮᠳᠡᠭᠴᠦᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠳᠤ ᠰᠠᠭᠤᠷᠢ ᠲᠠᠯᠪᠢᠵᠤ᠂ ᠨᠠᠩ ᠣᠯᠠᠨ ᠵᠡᠮᠳᠡᠭᠴᠦᠳ ᠢ ᠳᠠᠶᠢᠴᠢᠯᠠᠨ ᠤᠷ᠎ᠠ ᠴᠢᠳᠠᠪᠤᠷᠢ ᠶᠢᠨ ᠦᠰᠦᠨ ᠪᠤᠶᠢᠵᠢᠬᠤ ᠵᠠᠮ ᠢᠶᠠᠷ ᠰᠠᠶᠢᠲᠤᠷ ᠵᠠᠮᠨᠠᠭᠤᠯᠬᠤ ᠪᠠᠷ ᠴᠢᠷᠮᠠᠶᠢᠨ᠎ᠠ᠃
 
ᠢᠷᠡᠯᠲᠡ᠄ ᠵᠡᠮᠳᠡᠭᠴᠦᠳ ᠤᠨ ᠬᠤᠯᠪᠣᠭ᠎ᠠ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号