ᠲᠦᠮᠡᠳ ᠵᠡᠭᠦᠨ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠤᠬᠠᠶᠢᠯᠠᠭᠰᠠᠨ ᠠᠵᠢᠯ ᠤᠨ ᠬᠡᠪ ᠴᠢᠨᠠᠷ ᠢ ᠳᠡᠭᠡᠭᠰᠢᠯᠡᠭᠦᠯᠬᠦ ᠲᠤᠰᠬᠠᠶ ᠰᠡᠳᠦᠪᠲᠦ ᠪᠣᠯᠪᠠᠰᠤᠷᠠᠯ ᠤᠨ ᠠᠩᠭᠢ ᠡᠬᠢᠯᠡᠪᠡ
ᠨᠡᠶᠢᠲᠡᠯᠡᠭᠰᠡᠨ ᠴᠠᠭ᠄
2024/7/17
    7 ᠰᠠᠷ᠎ᠠ ᠶᠢᠨ 15 ᠤ ᠡᠳᠦᠷ᠂ ᠲᠦᠮᠡᠳ ᠵᠡᠭᠦᠨ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ  ᠶᠢᠨ ᠲᠤᠬᠠᠶᠢᠯᠠᠭᠰᠠᠨ ᠠᠵᠢᠯ ᠤᠨ ᠬᠡᠪ ᠴᠢᠨᠠᠷ ᠢ ᠳᠡᠭᠡᠭᠰᠢᠯᠡᠭᠦᠯᠬᠦ ᠲᠤᠰᠬᠠᠶ ᠰᠡᠳᠦᠪᠲᠦ ᠪᠣᠯᠪᠠᠰᠤᠷᠠᠯ ᠤᠨ ᠠᠩᠭᠢ ᠡᠬᠢᠯᠡᠪᠡ᠃    ᠪᠣᠯᠪᠠᠰᠤᠷᠠᠯ ᠤᠨ ᠠᠩᠭᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ  ᠶᠢᠨ ᠰᠤᠳᠤᠯᠭᠠᠨ ᠤ ᠲᠥᠪ ᠤᠨ ᠪᠠᠶᠢᠩᠭᠤ ᠶᠢᠨ ᠡᠷᠬᠢᠯᠡᠭᠴᠢ ᠸᠧᠶ ᡁᠢ ᠶᠦᠩ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ  ᠶᠢᠨ ᠠᠵᠢᠯ ᠤᠨ ᠲᠣᠭᠤᠷᠢᠨ ᠳᠤ ᠲᠤᠰᠬᠠᠶ ᠰᠡᠳᠦᠪᠲᠦ ᠵᠢᠯᠣᠭᠤᠳᠣᠯᠭ᠎ᠠ ᠬᠢᠬᠦ ᠶᠢ ᠤᠷᠢᠵᠤ᠂ ᠦᠢᠯᠡᠳᠦᠯᠭᠡ ᠶᠢᠨ ᠦᠷ᠎ᠡ ᠪᠦᠲᠦᠭᠡᠯ ᠢᠶᠠᠨ ᠰᠣᠯᠢᠯᠴᠠᠬᠤ᠂ ᠲᠤᠷᠰᠢᠯᠭ᠎ᠠ ᠠᠷᠭ᠎ᠠ ᠬᠢᠳᠡᠯ ᠢ ᠰᠤᠳᠤᠯᠤᠨ ᠶᠠᠷᠢᠯᠴᠠᠵᠤ᠂ ᠮᠠᠨ ᠤ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ ᠢ ᠳᠠᠬᠢᠨ ᠳᠡᠭᠡᠭᠰᠢᠯᠡᠭᠦᠯᠬᠦ ᠶᠢ ᠬᠦᠴᠦᠯᠡᠨ ᠠᠬᠢᠭᠤᠯᠬᠤ ᠶᠢᠨ ᠲᠥᠯᠥᠭᠡ ᠶᠤᠮ᠃    ᠲᠣᠰ ᠤᠳᠠᠭᠠᠨ ᠤ ᠪᠣᠯᠪᠠᠰᠤᠷᠠᠯ ᠨᠢ 1 ᠡᠳᠦᠷ ᠤᠨ ᠬᠤᠭᠤᠴᠠᠭ᠎ᠠ ᠲᠠᠢ ᠶᠠᠪᠤᠭᠳᠠᠵᠤ᠂ ᠬᠢᠴᠢᠶᠡᠯ ᠤᠨ ᠲᠣᠬᠢᠷᠠᠭᠤᠯᠤᠯᠲᠠ ᠡᠯᠪᠡᠭ ᠪᠠᠶᠠᠯᠢᠭ᠂ ᠬᠢᠴᠢᠶᠡᠯᠯᠡᠬᠦ ᠠᠭᠤᠯᠭ᠎ᠠ ᠨᠢ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠷᠥᠯ ᠵᠦᠢᠯ ᠤᠨ ᠵᠢᠷᠤᠭ ᠲᠥᠯᠥᠪᠯᠡᠭᠡ᠂ ᠵᠢᠭᠰᠠᠭᠠᠯ ᠤᠨ ᠭᠠᠵᠠᠷ ᠤᠨ ᠪᠠᠶᠢᠭᠤᠯᠤᠯᠲᠠ ᠵᠡᠷᠭᠡ ᠠᠭᠤᠯᠭ᠎ᠠ ᠶᠢ ᠬᠠᠮᠤᠷᠴᠠᠶ᠃ ᠲᠤᠰᠬᠠᠶ ᠮᠡᠷᠭᠡᠵᠢᠯᠲᠡᠨ ᠢᠶᠠᠷ ᠬᠢᠴᠢᠶᠡᠯᠯᠡᠭᠦᠯᠬᠦ᠂ ᠰᠦᠯᠵᠢᠶᠡᠨ ᠠᠴᠠ ᠭᠠᠳᠠᠭᠤᠷᠬᠢ ᠪᠣᠳᠠᠲᠤ ᠠᠵᠢᠯᠯᠠᠭ᠎ᠠ᠂ ᠰᠠᠨᠠᠯ ᠢᠶᠠᠨ ᠰᠣᠯᠢᠯᠴᠠᠵᠤ ᠶᠠᠷᠢᠶ᠎ᠠ ᠲᠠᠯᠪᠢᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠰᠤᠷᠤᠭᠴᠢᠳ ᠢ ᠬᠠᠪᠰᠤᠷᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ ᠤᠨ ᠣᠨᠴᠠᠯᠢᠭ ᠪᠠ ᠬᠢᠯᠠᠰ ᠴᠡᠭ ᠢ ᠬᠡᠷᠬᠢᠨ ᠪᠣᠶ ᠪᠣᠯᠭᠠᠬᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠷᠥᠯ ᠵᠦᠢᠯ ᠪᠠ ᠨᠠᠷᠠᠲᠤ ᠲᠥᠷᠥᠯ ᠲᠡᠮᠳᠡᠭᠲᠦ ᠶᠢ ᠬᠡᠷᠬᠢᠨ ᠪᠤᠶᠢᠵᠢᠭᠤᠯᠬᠤ ᠵᠢᠴᠢ ᠰᠠᠶᠢᠨ ᠳᠤᠷ᠎ᠠ ᠶᠢᠨ ᠦᠢᠯᠡᠴᠢᠯᠡᠭᠡ ᠶᠢ ᠪᠠᠶᠢᠩᠭᠤᠵᠢᠭᠤᠯᠬᠤ᠂ ᠵᠢᠷᠤᠮᠵᠢᠭᠤᠯᠬᠤ᠂ ᠨᠠᠷᠢᠯᠢᠭ ᠣᠨᠣᠴᠠᠲᠠᠶ ᠠᠵᠢᠯᠯᠠᠭᠤᠯᠬᠤ ᠶᠢ ᠬᠡᠷᠬᠢᠨ ᠠᠬᠢᠭᠤᠯᠬᠤ ᠵᠡᠷᠭᠡ ᠮᠡᠳᠡᠯᠭᠡ ᠶᠢ ᠡᠵᠡᠮᠰᠢᠭᠦᠯᠪᠡ᠃    ᠪᠣᠯᠪᠠᠰᠤᠷᠠᠯ ᠳᠤ ᠣᠷᠣᠯᠴᠠᠭᠰᠠᠳ᠂ ᠪᠣᠯᠪᠠᠰᠤᠷᠠᠯ ᠢᠶᠠᠷ ᠳᠠᠮᠵᠢᠨ ᠮᠡᠳᠡᠯᠭᠡ ᠶᠢᠨ ᠪᠦᠲᠦᠴᠡ ᠶᠢ ᠥᠷᠭᠡᠳᠬᠡᠭᠰᠡᠨ ᠢᠶᠠᠷ ᠪᠠᠷᠠᠬᠤ ᠦᠭᠡᠢ ᠪᠠᠰᠠ ᠲᠤᠬᠠᠶᠢᠯᠠᠭᠰᠠᠨ ᠠᠵᠢᠯ ᠤᠨ ᠦᠢᠯᠡᠳᠦᠯᠭᠡ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠳᠠᠷᠠᠭᠠᠴᠢ ᠶᠢᠨ ᠠᠯᠬᠤᠮ ᠳᠤ ᠰᠣᠷᠣᠭᠰᠠᠨ ᠮᠡᠳᠡᠯᠭᠡ ᠪᠠᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠪᠠᠶᠢᠭᠤᠯᠤᠯᠲᠠ ᠪᠣᠯᠣᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠳᠤ ᠬᠡᠷᠡᠭᠯᠡᠵᠦ᠂ ᠪᠣᠯᠪᠠᠰᠤᠷᠠᠯ ᠤᠨ ᠦᠷ᠎ᠡ ᠪᠦᠲᠦᠮᠵᠢ ᠶᠢ ᠪᠦᠬᠦ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠦᠴᠦᠲᠡᠢ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠤᠨ᠎ᠠ ᠭᠡᠵᠦ ᠢᠯᠡᠳᠬᠡᠵᠡᠭᠡᠪᠡ᠃    ᠲᠣᠰ ᠤᠳᠠᠭᠠᠨ ᠤ ᠪᠣᠯᠪᠠᠰᠤᠷᠠᠭᠤᠯᠤᠯ ᠢᠶᠠᠷ ᠳᠡᠮᠵᠢᠨ᠂ ᠮᠠᠨ ᠤ ᠤᠳᠠᠯ ᠥᠬᠡᠶ ᠥᠷᠨᠢᠭᠦᠯᠬᠦ ᠭᠡᠵᠦ ᠪᠠᠶᠢᠭ᠎ᠠ ᠬᠤᠶᠠᠳᠤᠭᠠᠷ ᠬᠤᠭᠤᠴᠠᠭᠠᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠷᠥᠯ ᠵᠦᠢᠯ ᠤᠨ ᠤᠷᠤᠯᠳᠤᠭᠠᠨ ᠳᠤ ᠪᠡᠯᠡᠳᠬᠡᠯ ᠬᠢᠵᠦ᠂ ᠤᠷᠤᠯᠳᠤᠭᠠᠨ ᠳᠤ ᠣᠷᠣᠯᠴᠠᠭᠰᠠᠳ ᠢ ᠲᠣᠰ ᠪᠡᠶ᠎ᠡ ᠶᠢᠨ ᠲᠥᠷᠥᠯ ᠵᠦᠢᠯ ᠢ ᠲᠥᠰᠦᠪᠯᠡᠬᠦ᠂ ᠬᠡᠷᠡᠭᠵᠢᠭᠦᠯᠬᠦ ᠪᠠ ᠳᠡᠯᠭᠡᠨ ᠦᠵᠡᠭᠦᠯᠬᠦ ᠴᠢᠳᠠᠪᠤᠷᠢ ᠪᠠᠨ ᠳᠡᠭᠡᠭᠰᠢᠯᠡᠭᠦᠯᠬᠦ ᠶᠢᠨ ᠬᠠᠮᠲᠤ ᠪᠠᠰᠠ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ᠶᠢᠨ ᠦᠨᠳᠦᠰᠦᠨ ᠱᠠᠲᠤᠨ ᠤ ᠺᠠᠳ᠋ᠷᠴᠤᠳ ᠤᠨ ᠰᠢᠨ᠎ᠡ ᠶᠢ ᠡᠭᠦᠳᠬᠦ ᠰᠡᠳᠬᠢᠬᠦᠶ ᠪᠠ ᠪᠦᠯᠬᠦᠮ ᠨᠡᠶᠢᠲᠡ ᠶᠢᠨ ᠬᠠᠮᠵᠢᠯᠴᠠᠬᠤ ᠴᠢᠳᠠᠪᠤᠷᠢ ᠶᠢ ᠬᠥᠮᠦᠵᠢᠭᠦᠯᠵᠦ᠂ ᠨᠠᠩ ᠣᠯᠠᠨ ᠰᠢᠯᠢᠳᠡᠭ ᠲᠥᠷᠥᠯ ᠵᠦᠢᠯ ᠤᠨ ᠨᠠᠷᠠᠲᠤ ᠲᠥᠷᠥᠯ ᠲᠡᠮᠳᠡᠭᠲᠦ ᠶᠢ ᠴᠣᠯᠭᠤᠷᠠᠨ ᠭᠠᠷᠬᠤ ᠶᠢ ᠳᠥᠯᠭᠢᠨ ᠠᠬᠢᠭᠤᠯᠵᠤ᠂ ᠣᠯᠠᠨ ᠲᠦᠮᠡᠨ ᠳᠤ ᠨᠠᠩ ᠰᠠᠶᠢᠨ ᠦᠢᠯᠡᠴᠢᠯᠡᠭᠦᠯᠦᠨ᠎ᠡ᠃
 
ᠢᠷᠡᠯᠲᠡ᠄ ᠲᠦᠮᠡᠳ ᠵᠡᠭᠦᠨ ᠬᠤᠰᠢᠭᠤᠨ ᠤ ᠬᠠᠮ ᠵᠠᠭᠤᠴᠢᠯᠠᠭᠤᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号