ᠪᠢᠴᠢᠭᠡᠴᠢ ᠪᠠᠯᠭᠠᠰᠤ ᠠᠶᠤᠯᠭᠦᠢ ᠦᠢᠯᠡᠳᠪᠦᠷᠢᠯᠡᠯ ᠪᠠ ᠭᠠᠯ ᠤᠨᠲᠠᠷᠠᠭᠠᠬᠤ ᠠᠮᠤᠷ ᠲᠦᠪᠰᠢᠨ ᠤ ᠪᠠᠶᠢᠴᠠᠭᠠᠯᠲᠠ ᠶᠢ ᠯᠠᠪᠳᠠᠭᠤᠨ ᠪᠠᠲᠤᠲᠠᠢ ᠥᠷᠨᠢᠭᠦᠯᠪᠡ
ᠨᠡᠶᠢᠲᠡᠯᠡᠭᠰᠡᠨ ᠴᠠᠭ᠄
2024/7/18
    ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠵᠤ᠂ ᠬᠦᠨᠳᠦ ᠶᠡᠭᠡ ᠠᠮᠤᠷ ᠲᠦᠪᠰᠢᠨ ᠤ ᠠᠶᠤᠯ ᠲᠦᠭᠰᠢᠭᠦᠷᠢ ᠶᠢ ᠦᠨᠡᠨ ᠬᠦ ᠰᠡᠷᠭᠡᠶᠢᠯᠡᠨ ᠠᠷᠢᠯᠭᠠᠵᠤ᠂ ᠬᠠᠷᠢᠶᠠᠲᠤ ᠣᠷᠣᠨ ᠤ ᠭᠠᠯ ᠤᠨᠲᠠᠷᠠᠭᠠᠬᠤ ᠠᠮᠤᠷ ᠲᠦᠪᠰᠢᠨ ᠤ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ 7 ᠰᠠᠷ᠎ᠠ ᠶᠢᠨ 17 ᠤ ᠡᠳᠦᠷ᠂ ᠪᠠᠯᠭᠠᠰᠤᠨ ᠤ ᠪᠠᠴᠢᠮ ᠪᠠᠶᠢᠳᠠᠯ ᠢ ᠠᠷᠭᠠᠴᠠᠬᠤ ᠠᠯᠪᠠᠨ ᠬᠡᠷ ᠤᠨ ᠠᠵᠢᠯᠲᠠᠳ ᠠᠶᠤᠯᠭᠦᠶ  ᠦᠢᠯᠡᠳᠪᠦᠷᠢᠯᠡᠯ ᠪᠠ ᠭᠠᠯ ᠤᠨᠲᠠᠷᠠᠭᠠᠬᠤ ᠠᠮᠤᠷ ᠲᠦᠪᠰᠢᠨ ᠤ ᠪᠠᠶᠢᠴᠠᠭᠠᠯᠲᠠ ᠥᠷᠨᠢᠭᠦᠯᠪᠡ᠃    ᠪᠠᠶᠢᠴᠠᠭᠠᠬᠤ ᠶᠠᠪᠤᠴᠠ ᠳᠤ᠂ ᠠᠵᠢᠯᠲᠠᠳ ᠬᠠᠷᠢᠶᠠᠲᠤ ᠣᠷᠣᠨ ᠤ ᠭᠤᠤᠯᠳᠠᠯᠭ᠎ᠠ ᠲᠠᠢ ᠠᠵᠤ ᠠᠬᠤᠶᠢᠯᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠭᠠᠯ ᠤᠨᠲᠠᠷᠠᠭᠠᠬᠤ᠂ ᠭᠠᠯ ᠴᠠᠬᠢᠯᠭᠠᠨ ᠬᠡᠷᠡᠭᠯᠡᠬᠦ ᠵᠡᠷᠭᠡ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢ ᠴᠢᠩᠭ᠎ᠠ ᠠᠩᠬᠠᠷᠴᠤ᠂ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠲᠤᠬᠠᠶ ᠶᠢᠨ ᠭᠠᠵᠠᠷ ᠲᠤᠨᠢ ᠯᠠᠪᠯᠠᠨ ᠠᠰᠠᠭᠤᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠭᠠᠯ ᠤᠨᠲᠠᠷᠠᠭᠠᠭᠤᠷ ᠵᠡᠷᠭᠡ ᠭᠠᠯ ᠤᠨᠲᠠᠷᠠᠭᠠᠬᠤ ᠲᠥᠬᠦᠭᠡᠷᠦᠮᠵᠢ ᠶᠢ ᠲᠣᠬᠢᠷᠠᠭᠤᠯᠤᠭᠰᠠᠨ ᠮᠥᠷᠲᠡᠭᠡᠨ ᠪᠦᠷᠢᠨ ᠪᠦᠲᠦᠨ ᠪᠥᠭᠡᠳ ᠪᠦᠲᠦᠮᠵᠢᠲᠡᠶ ᠪᠠᠶᠢᠬᠤ ᠡᠰᠡᠬᠦ᠂ ᠴᠠᠬᠢᠯᠭᠠᠨ ᠤᠲᠠᠰᠤᠨ ᠤ ᠱᠤᠭᠤᠮ ᠢ ᠬᠠᠭᠤᠴᠢᠷᠠᠭᠤᠯᠤᠭᠰᠠᠨ ᠡᠰᠡᠬᠦ᠂ ᠡᠮᠬᠢ ᠵᠠᠮᠪᠠᠷᠠᠭ᠎ᠠ ᠥᠬᠡᠶ᠂ ᠰᠢᠲᠠᠮᠠᠬᠠᠶ ᠬᠡᠶ ᠶᠢᠨ ᠲᠥᠬᠦᠭᠡᠷᠦᠮᠵᠢ ᠶᠢ ᠵᠢᠷᠤᠮᠵᠢᠯ ᠲᠠᠢ ᠬᠡᠷᠡᠭᠯᠡᠭᠰᠡᠨ ᠡᠰᠡᠬᠦ᠂ ᠦᠢᠯᠡᠳᠪᠦᠷᠢᠯᠡᠯ ᠤᠨ ᠲᠠᠰᠤᠭ ᠪᠠ ᠠᠵᠢᠯᠲᠠᠨ ᠤ ᠪᠠᠶᠢᠷᠢ ᠳᠤ ᠠᠮᠤᠷ ᠲᠦᠪᠰᠢᠨ ᠤ ᠳᠠᠯᠳᠠ ᠬᠡᠮ ᠣᠷᠣᠰᠢᠵᠤ ᠪᠠᠶᠢᠬᠤ ᠡᠰᠡᠬᠦ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠪᠣᠳᠠᠲᠠᠶ ᠨᠠᠶᠢᠳᠠᠪᠤᠷᠢᠵᠢᠭᠤᠯᠤᠭᠰᠠᠨ ᠡᠰᠡᠬᠦ ᠵᠡᠷᠭᠡ ᠪᠠᠶᠢᠳᠠᠯ ᠳᠤ ᠭᠤᠤᠯᠳᠠᠯᠭ᠎ᠠ ᠲᠠᠢ ᠨᠠᠷᠢᠨ ᠪᠠᠶᠢᠴᠠᠭᠠᠯᠲᠠ ᠬᠢᠪᠠ᠃ ᠪᠠᠶᠢᠴᠠᠭᠠᠯᠲᠠ ᠶᠢᠨ ᠳᠤᠮᠳᠠ ᠣᠯᠵᠤ ᠮᠡᠳᠡᠭᠰᠡᠨ ᠡᠯ᠎ᠡ ᠲᠥᠷᠥᠯ ᠤᠨ ᠠᠮᠤᠷ ᠲᠦᠪᠰᠢᠨ ᠤ ᠳᠠᠯᠳᠠ ᠭᠡᠮ ᠳᠤ ᠴᠡᠭᠴᠡᠯᠡᠨ ᠰᠠᠶᠢᠵᠢᠷᠠᠭᠤᠯᠬᠤ ᠰᠠᠨᠠᠯ ᠢᠶᠠᠨ ᠨᠢᠭᠡᠳ ᠨᠢᠭᠡ ᠪᠠᠷ ᠳᠤᠷᠠᠳᠴᠤ᠂ ᠲᠤᠬᠠᠶ ᠶᠢᠨ ᠲᠠᠯᠠᠪᠤᠷ ᠲᠤ ᠴᠡᠭᠴᠡᠯᠡᠨ ᠰᠠᠶᠢᠵᠢᠷᠠᠭᠤᠯᠬᠤ ᠪᠠ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠳᠠᠯᠳᠠ ᠬᠡᠮ ᠢ ᠠᠷᠢᠯᠭᠠᠵᠤ᠂ ᠬᠠᠷᠢᠭᠤᠴᠠᠯᠭ᠎ᠠ ᠶᠢᠨ ᠦᠵᠡᠯ ᠤᠬᠠᠮᠰᠠᠷ ᠪᠠ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠢᠶᠠᠨ ᠦᠨᠡᠨᠬᠦ ᠳᠡᠭᠡᠭᠰᠢᠯᠡᠭᠦᠯᠬᠦ ᠬᠡᠷᠡᠭᠲᠡᠶ᠃ ᠡᠯ᠎ᠡ ᠡᠵᠡᠩᠨᠡᠯᠲᠡ ᠶᠢᠨ ᠨᠢᠭᠡᠴᠡ ᠶᠢᠨ ᠬᠠᠷᠢᠭᠤᠴᠠᠯᠭᠠᠲᠠᠨ ᠢ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠶᠤᠯᠭᠦᠶ ᠦᠢᠯᠡᠳᠪᠦᠷᠢᠯᠡᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠳᠠᠯᠳᠠ ᠬᠡᠮ ᠢ ᠠᠷᠢᠯᠭᠠᠬᠤ ᠶᠢ ᠦᠨᠡᠨ ᠬᠦ ᠪᠠᠲᠤᠯᠠᠵᠤ᠂ ᠦᠢᠯᠡᠳᠪᠦᠷᠢᠯᠡᠯ ᠡᠵᠡᠩᠨᠡᠯᠲᠡ ᠪᠠ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ︽ᠬᠤᠤᠰ ᠠᠮᠤᠷ ᠲᠦᠪᠰᠢᠨ ︾ ᠢ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃
 
ᠢᠷᠡᠯᠲᠡ᠄ ᠪᠢᠴᠢᠭᠡᠴᠢ ᠪᠠᠯᠭᠠᠰᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号