ᠲᠦᠮᠡᠳ ᠵᠡᠭᠦᠨ ᠬᠤᠰᠢᠭᠤᠨ ᠤ ᠣᠶ ᠰᠢᠭᠤᠶ ᠨᠤᠲᠤᠭ ᠪᠡᠯᠴᠢᠭᠡᠷ ᠤᠨ ᠲᠤᠰᠬᠠᠶ ᠭᠠᠯ ᠤᠨᠲᠠᠷᠠᠭᠠᠬᠤ ᠠᠩᠭᠢ ᠲᠥᠪᠯᠡᠷᠡᠩᠭᠦᠢ ᠪᠣᠯᠪᠠᠰᠤᠷᠠᠭᠤᠯᠬᠤ ᠠᠵᠢᠯ ᠢ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2024/7/18
   ᠣᠶ ᠰᠢᠭᠤᠶ ᠨᠤᠲᠤᠭ ᠪᠡᠯᠴᠢᠭᠡᠷ ᠤᠨ ᠲᠤᠰᠬᠠᠶ ᠭᠠᠯ ᠤᠨᠲᠠᠷᠠᠭᠠᠬᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠡᠩᠨᠡᠭᠡᠨ ᠤ ᠪᠠᠶᠢᠯᠳᠤᠬᠤ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ ᠬᠤᠰᠢᠭᠤᠨ ᠤ ᠣᠶ ᠰᠢᠭᠤᠶ ᠨᠤᠲᠤᠭ ᠪᠡᠯᠴᠢᠭᠡᠷ ᠤᠨ ᠲᠤᠰᠬᠠᠶ ᠮᠡᠷᠭᠡᠵᠢᠯ ᠤᠨ ᠭᠠᠯ ᠤᠨᠲᠠᠷᠠᠭᠠᠬᠤ ᠠᠩᠭᠢ ᠰᠠᠭᠤᠷᠢ ᠶᠢ ᠪᠠᠬᠢᠵᠢᠭᠦᠯᠬᠦ᠂ ᠬᠦᠴᠢᠷ ᠠᠰᠠᠭᠤᠳᠠᠯ ᠢ ᠰᠢᠪᠲᠤᠯᠬᠤ ᠠᠴᠠ ᠭᠠᠷᠳᠠᠨ᠂ ᠰᠢᠨᠵᠢᠯᠡᠬᠦ ᠤᠬᠠᠭᠠᠨᠴᠢ ᠪᠠᠷ ᠪᠣᠯᠪᠠᠰᠤᠷᠠᠯ ᠬᠢᠵᠦ᠂ ᠲᠥᠪᠯᠡᠷᠡᠭᠦᠯᠦᠨ ᠪᠣᠯᠪᠠᠰᠤᠷᠠᠭᠤᠯᠬᠤ ᠶᠢ ᠯᠠᠪᠳᠠᠭᠤᠨ ᠪᠠᠲᠤᠲᠠᠶ ᠥᠷᠨᠢᠭᠦᠯᠪᠡ᠃    ᠪᠡᠶ᠎ᠡ ᠮᠠᠬᠠᠪᠣᠳ ᠢᠶᠠᠨ ᠪᠣᠯᠪᠠᠰᠤᠷᠠᠭᠤᠯᠵᠤ᠂ ᠰᠠᠭᠤᠷᠢ ᠲᠠᠯᠪᠢᠵᠤ᠂ ᠬᠡᠪ ᠴᠢᠨᠠᠷ ᠢᠶᠠᠨ ᠴᠢᠩᠭᠠᠳᠬᠠᠨ᠎ᠠ᠃ ᠪᠡᠶ᠎ᠡ ᠮᠠᠬᠠᠪᠣᠳ ᠪᠣᠯ ᠭᠠᠯ ᠰᠡᠷᠭᠡᠶᠢᠯᠡᠨ ᠭᠠᠯ ᠤᠨᠲᠠᠷᠠᠭᠠᠬᠤ ᠠᠩᠭᠢ ᠶᠢᠨ ᠭᠡᠰᠢᠭᠦᠳ ᠤᠨ ᠬᠠᠮᠤᠭ ᠤᠨ ᠴᠢᠬᠤᠯᠠ ᠴᠢᠳᠠᠪᠤᠷᠢ ᠬᠢᠭᠡᠳ ᠬᠡᠪ ᠴᠢᠨᠠᠷ ᠪᠠᠶᠢᠵᠤ᠂ ᠪᠠᠰᠠ ᠴᠤ ᠭᠠᠯ ᠤᠨᠲᠠᠷᠠᠭᠠᠬᠤ ᠡᠭᠦᠷᠭᠡ ᠶᠢ ᠪᠡᠶᠡᠯᠡᠭᠦᠯᠬᠦ ᠶᠢᠨ ᠴᠢᠬᠤᠯᠠ ᠪᠠᠲᠤᠯᠠᠭ᠎ᠠ ᠮᠥᠨ᠃ ᠬᠤᠰᠢᠭᠤᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠩᠭᠢ ᠰᠠᠭᠤᠷᠢ ᠶᠢ ᠲᠠᠯᠪᠢᠬᠤ᠂ ᠦᠨᠳᠦᠰᠦ ᠶᠢ ᠪᠠᠬᠢᠵᠢᠭᠦᠯᠬᠦ᠂ ᠪᠠᠭᠤᠷᠠᠶ ᠲᠠᠯ᠎ᠠ ᠶᠢ ᠬᠦᠴᠦᠷᠬᠡᠭᠵᠢᠭᠦᠯᠬᠦ ᠪᠠᠷ ᠬᠠᠷᠠᠯᠲᠠ ᠪᠣᠯᠭᠠᠬᠤ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨᠴᠢ ᠵᠦᠶ ᠵᠣᠬᠢᠰᠲᠠᠶ ᠵᠣᠬᠢᠶᠠᠨ ᠪᠠᠶᠢᠭᠤᠯᠤᠨ ᠪᠣᠯᠪᠠᠰᠤᠷᠠᠯ ᠬᠢᠵᠦ᠂ 3 ᠺᠢᠯᠣᠮᠧᠲᠷ ᠠᠶᠠᠯᠠᠬᠤ᠂ ᠰᠠᠭᠰᠤᠨ ᠪᠥᠮᠪᠦᠭᠡ ᠶᠢᠨ ᠤᠷᠤᠯᠳᠤᠭᠠᠨ ᠵᠡᠷᠭᠡ ᠬᠢᠴᠢᠶᠡᠯ ᠲᠥᠷᠥᠯ ᠢᠶᠠᠷ ᠳᠠᠮᠵᠢᠭᠤᠯᠤᠨ᠂ ᠪᠡᠶ᠎ᠡ ᠮᠠᠬᠠᠪᠣᠳ ᠤᠨ ᠳᠠᠯᠳᠠ ᠴᠢᠳᠠᠪᠤᠷᠢ ᠶᠢ ᠭᠦᠨᠵᠡᠭᠡᠶ ᠠᠭᠤᠳᠠᠯᠵᠤ᠂ ᠪᠡᠶ᠎ᠡ ᠮᠠᠬᠠᠪᠣᠳ ᠤᠨ ᠰᠠᠭᠤᠷᠢ ᠶᠢ ᠲᠠᠰᠤᠷᠠᠯᠲᠠ ᠥᠬᠡᠶ ᠪᠠᠬᠢᠵᠢᠭᠦᠯᠪᠡ᠃    ᠰᠠᠬᠢᠯᠭ᠎ᠠ ᠪᠠᠲᠤ ᠶᠢ ᠴᠢᠩᠳᠠᠯᠠᠨ᠂ ᠬᠠᠮᠵᠢᠯᠴᠠᠭ᠎ᠠ ᠶᠢ ᠡᠷᠬᠢᠮᠯᠡᠵᠦ᠂ ᠡᠷᠳᠡᠮ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ᠃ ᠰᠠᠬᠢᠯᠭ᠎ᠠ ᠪᠠᠲᠤ ᠪᠣᠯ ᠠᠵᠢᠯ ᠤᠨ ᠠᠮᠢᠨ ᠰᠤᠳᠠᠰᠤ ᠮᠥᠨ᠂ ᠪᠠᠰᠠ ᠴᠤ ᠡᠩᠨᠡᠭᠡᠨ ᠤ ᠦᠢᠯᠡ ᠠᠵᠢᠯᠯᠠᠭ᠎ᠠ ᠶᠢᠨ ᠵᠢᠷᠤᠮᠵᠢᠯ ᠢ ᠪᠠᠲᠤᠯᠠᠬᠤ ᠶᠢᠨ ᠴᠢᠬᠤᠯᠠ ᠰᠠᠭᠤᠷᠢ ᠮᠥᠨ᠂ ᠰᠤᠷᠭᠠᠨ ᠬᠥᠮᠦᠵᠢᠭᠦᠯᠵᠦ ᠬᠥᠲᠥᠯᠥᠨ ᠵᠢᠯᠣᠭᠤᠳᠴᠤ ᠪᠠᠶᠢᠭᠠᠳ ᠬᠠᠤᠯᠢ ᠴᠠᠭᠠᠵᠠ ᠵᠠᠷᠯᠢᠭ ᠡᠷᠡᠰ ᠰᠢᠭᠤᠷᠬᠠᠶ ᠪᠠᠶᠢᠬᠤ ᠣᠶᠢᠯᠠᠭᠠᠭᠳᠠᠬᠤᠨ ᠢ ᠪᠠᠲᠤ ᠪᠠᠬᠢ ᠪᠣᠶ ᠪᠣᠯᠭᠠᠵᠤ᠂ ᠭᠡᠰᠢᠭᠦᠳ ᠲᠤ ᠭᠠᠯ ᠤᠨᠲᠠᠷᠠᠭᠠᠬᠤ ᠠᠩᠭᠢ ᠶᠢᠨ ᠡᠯ᠎ᠡ ᠵᠦᠢᠯ ᠤᠨ ᠳᠦᠷᠢᠮ ᠲᠣᠭᠲᠠᠭᠠᠯ ᠵᠢᠴᠢ ᠡᠭᠦᠷᠭᠡ ᠭᠠᠷᠭᠠᠬᠤ ᠦᠶ᠎ᠡ ᠶᠢᠨ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠨᠠᠩ ᠭᠦᠨᠵᠡᠭᠡᠶ ᠲᠠᠨᠢᠭᠤᠯᠵᠤ᠂ ᠨᠢᠭᠡ ᠬᠡᠰᠡᠭ ᠬᠤᠭᠤᠴᠠᠭᠠᠨ ᠤ ᠲᠥᠪᠯᠡᠷᠡᠭᠦᠯᠦᠨ ᠪᠣᠯᠪᠠᠰᠤᠷᠠᠭᠤᠯᠬᠤ ᠪᠠᠷ ᠳᠡᠮᠵᠢᠨ᠂ ᠬᠠᠮᠲᠤ ᠶᠢᠨ ᠬᠠᠮᠵᠢᠯᠴᠠᠭ᠎ᠠ ᠳᠤᠮᠳᠠ᠂ ᠠᠩᠭᠢ ᠶᠢᠨ ᠭᠡᠰᠢᠭᠦᠳ ᠬᠠᠷᠢᠯᠴᠠᠨ ᠲᠣᠨᠤᠭ ᠲᠥᠬᠦᠭᠡᠷᠦᠮᠵᠢ ᠶᠢ ᠪᠠᠶᠢᠴᠠᠭᠠᠵᠤ᠂ ᠠᠵᠢᠯ ᠤᠨ ᠬᠤᠪᠢᠶᠠᠷᠢᠯᠠᠯ ᠲᠣᠳᠣᠷᠬᠠᠶ᠂ ᠵᠢᠯᠣᠭᠤᠳᠣᠯᠭ᠎ᠠ ᠶᠢ ᠳᠠᠭᠠᠵᠤ᠂ ᠬᠤᠶᠢᠰᠢᠳᠠ ᠶᠢᠨ ᠪᠣᠳᠠᠲᠤ  ᠦᠢᠯᠡᠳᠦᠯᠭᠡ ᠳᠤ ᠪᠠᠲᠤ ᠪᠠᠬᠢ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃ ᠭᠠᠯ ᠤᠨᠲᠠᠷᠠᠭᠠᠬᠤ ᠲᠣᠨᠤᠭ ᠲᠥᠬᠦᠭᠡᠷᠦᠮᠵᠢ ᠪᠠᠭᠠᠵᠢ ᠬᠡᠷᠡᠭᠰᠡᠯ ᠤᠨ ᠬᠡᠷᠡᠭᠯᠡᠯᠲᠡ ᠪᠣᠯ ᠭᠠᠯ ᠰᠡᠷᠭᠡᠶᠢᠯᠡᠬᠦ ᠤᠨᠲᠠᠷᠠᠭᠠᠬᠤ ᠠᠩᠭᠢ ᠶᠢᠨ ᠭᠡᠰᠢᠭᠦᠳ ᠤᠨ ᠴᠢᠬᠤᠯᠠ ᠤᠷ᠎ᠠ ᠴᠢᠳᠠᠪᠤᠷᠢ ᠮᠥᠨ᠂ ᠪᠣᠯᠪᠠᠰᠤᠷᠠᠯ ᠳᠤᠮᠳᠠ᠂ ᠣᠨᠣᠯ ᠪᠠ ᠦᠢᠯᠡᠳᠦᠯᠭᠡ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠭᠠᠯ ᠰᠡᠷᠭᠡᠶᠢᠯᠡᠬᠦ ᠤᠰᠤᠨ ᠬᠥᠭᠡᠷᠭᠡ ᠶᠢᠨ ᠠᠵᠢᠯᠯᠠᠭ᠎ᠠ᠂ ᠰᠠᠯᠬᠢᠨ ᠬᠦᠴᠦᠨ ᠤ ᠭᠠᠯ ᠤᠨᠲᠠᠷᠠᠭᠠᠬᠤ ᠮᠠᠰᠢᠨ ᠤ ᠠᠵᠢᠯᠯᠠᠭ᠎ᠠ ᠪᠠ ᠲᠣᠰᠣ ᠬᠢᠷᠦᠭᠡ ᠪᠠᠷ ᠠᠵᠢᠯᠯᠠᠬᠤ ᠵᠡᠷᠭᠡ ᠲᠥᠷᠥᠯ ᠵᠦᠢᠯ ᠳᠤ ᠭᠤᠤᠯᠳᠠᠯᠭ᠎ᠠ ᠲᠠᠢ ᠲᠤᠬᠠᠶ ᠶᠢᠨ ᠭᠠᠵᠠᠷ ᠤᠨ ᠪᠣᠯᠪᠠᠰᠤᠷᠠᠯ ᠬᠢᠵᠦ᠂ ᠭᠠᠯ ᠰᠡᠷᠭᠡᠶᠢᠯᠡᠬᠦ ᠭᠠᠯ ᠤᠨᠲᠠᠷᠠᠭᠠᠬᠤ ᠠᠩᠭᠢ ᠶᠢᠨ ᠭᠡᠰᠢᠭᠦᠳ ᠤᠨ ᠭᠠᠯ ᠤᠨᠲᠠᠷᠠᠭᠠᠬᠤ ᠤᠷ᠎ᠠ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠪᠡ᠃    ᠲᠥᠪᠯᠡᠷᠡᠭᠦᠯᠦᠨ ᠪᠣᠯᠪᠠᠰᠤᠷᠠᠭᠤᠯᠤᠭᠰᠠᠨ ᠠᠴᠠ ᠨᠠᠰᠢ᠂ ᠠᠩᠭᠢ ᠶᠢᠨ ᠭᠡᠰᠢᠭᠦᠳ ᠭᠠᠭᠴᠠ ᠬᠦ ᠬᠠᠲᠠᠭᠤᠵᠢᠯᠲᠠᠢ ᠪᠣᠯᠪᠠᠰᠤᠷᠠᠵᠤ᠂ ᠴᠠᠭᠠᠷᠠᠭᠰᠠᠨ ᠴᠢᠳᠠᠪᠤᠷᠢ ᠲᠠᠢ ᠭᠡᠳᠡᠭ ᠢ ᠭᠦᠨᠵᠡᠭᠡᠢ ᠣᠶᠢᠯᠠᠭᠠᠪᠠᠯ ᠰᠠᠶ᠋ᠢ ᠴᠢᠬᠤᠯᠠ ᠶᠡᠭᠡ ᠬᠠᠷᠢᠭᠤᠴᠠᠯᠭ᠎ᠠ ᠶᠢ ᠡᠭᠦᠷᠭᠡᠯᠡᠵᠦ ᠴᠢᠳᠠᠪᠠᠯ ᠰᠠᠶ᠋ᠢ ᠪᠠᠶᠢᠯᠳᠤᠭᠠᠨ ᠳᠤᠮᠳᠠ ᠬᠠᠮᠤᠭ ᠤᠨ ᠶᠡᠭᠡ ᠳᠠᠯᠳᠠ ᠴᠢᠳᠠᠪᠤᠷᠢ ᠪᠠᠨ ᠪᠠᠳᠠᠷᠠᠭᠤᠯᠵᠤ ᠴᠢᠳᠠᠨ᠎ᠠ᠃ ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠭᠠᠯ ᠤᠨᠲᠠᠷᠠᠭᠠᠬᠤ ᠠᠩᠭᠢ ᠪᠣᠯᠪᠠᠰᠤᠷᠠᠯ ᠤᠨ ᠱᠠᠭᠠᠷᠳᠠᠯᠭ᠎ᠠ ᠶᠢ ᠦᠷᠭᠦᠯᠵᠢᠯᠡᠨ ᠨᠠᠶᠢᠳᠠᠪᠤᠷᠢᠵᠢᠭᠤᠯᠵᠤ᠂ ᠣᠷᠭᠢᠯᠤᠮ᠎ᠠ ᠬᠠᠯᠠᠭᠤᠨ ᠰᠡᠳᠬᠢᠯᠭᠡ᠂ ᠴᠤᠭ ᠪᠠᠳᠠᠷᠠᠩᠭᠤᠶ ᠲᠡᠮᠡᠴᠡᠯ ᠤᠨ ᠵᠣᠷᠢᠭ ᠢᠶᠠᠷ ᠪᠣᠳᠠᠲᠤ ᠪᠠᠶᠢᠯᠳᠤᠭᠠᠨ ᠤ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠣᠶ ᠰᠢᠭᠤᠶ ᠶᠢᠨ ᠭᠠᠯ ᠤᠨ ᠠᠶᠤᠯ ᠠᠴᠠ ᠠᠪᠤᠷᠠᠬᠤ ᠳᠤ ᠪᠠᠲᠤ ᠪᠠᠬᠢ ᠰᠠᠭᠤᠷᠢ ᠶᠢ ᠲᠠᠯᠪᠢᠬᠤ ᠪᠣᠯᠤᠨ᠎ᠠ᠃
 
ᠢᠷᠡᠯᠲᠡ᠄ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号