ᠤᠤᠯ ᠤᠨ ᠬᠤᠶᠢᠲᠤ ᠰᠢᠷ᠎ᠠ ᠵᠤᠤ ᠰᠢᠶᠠᠩ ᠤᠨ ᠬᠡᠦᠬᠡᠳ ᠤᠨ ᠴᠡᠴᠡᠷᠯᠢᠭ ᠤᠨ ᠠᠯᠪᠠᠨ ᠠᠰᠠᠷ ᠵᠢᠴᠢ ᠲᠡᠭᠦᠨ ᠤ ᠬᠠᠷᠢᠶ᠎ᠠ ᠲᠥᠬᠦᠭᠡᠷᠦᠮᠵᠢ ᠶᠢ ᠬᠤᠳᠠᠯᠳᠤᠭᠠᠴᠢᠨ ᠤᠷᠢᠬᠤ ᠠᠯᠪᠠᠨ ᠵᠠᠷ
ᠨᠡᠶᠢᠲᠡᠯᠡᠭᠰᠡᠨ ᠴᠠᠭ᠄
2024/7/18
    ᠣᠷᠣᠨ ᠪᠦᠰᠡ ᠶᠢᠨ ᠠᠵᠤ ᠠᠬᠤᠶ ᠪᠠ ᠨᠡᠶᠢᠭᠡᠮ ᠤᠨ ᠵᠣᠬᠢᠴᠠᠩᠭᠤᠶ ᠡᠷᠡᠭᠦᠯ ᠢᠶᠠᠷ ᠬᠥᠭᠵᠢᠬᠦ ᠶᠢ ᠳᠡᠭᠡᠭᠰᠢᠯᠡᠭᠦᠯᠬᠦ ᠶᠢᠨ ᠲᠥᠯᠥᠭᠡ᠂ ᠵᠠᠰᠠᠭ ᠤᠨ ᠣᠷᠳᠣᠨ ᠢᠶᠠᠷ ᠭᠤᠤᠯᠯᠠᠭᠤᠯᠬᠤ᠂ ᠵᠠᠬ᠎ᠠ ᠳᠡᠯᠭᠡᠭᠦᠷ ᠢᠶᠠᠷ ᠠᠵᠢᠯᠯᠠᠭᠤᠯᠬᠤ᠂ ᠨᠡᠶᠢᠭᠡᠮ ᠳᠤ ᠬᠠᠨᠳᠤᠭᠤᠯᠤᠨ ᠢᠯᠡ ᠪᠠᠷ ᠬᠤᠳᠠᠯᠳᠤᠭᠠᠴᠢᠨ ᠤᠷᠢᠬᠤ ᠬᠡᠯᠪᠡᠷᠢ ᠶᠢ ᠠᠪᠴᠤ᠂ ᠣᠲᠣ ᠲᠦᠮᠡᠳ ᠵᠡᠭᠦᠨ ᠬᠤᠰᠢᠭᠤᠨ ᠤ ᠬᠤᠶᠢᠲᠤ ᠰᠢᠷ᠎ᠠ ᠵᠤᠤ ᠰᠢᠶᠠᠩ ᠤᠨ ᠤᠤᠯ ᠤᠨ ᠬᠤᠶᠢᠲᠤ ᠰᠢᠷ᠎ᠠ ᠵᠤᠤ ᠰᠢᠶᠠᠩ ᠤᠨ ᠬᠡᠤᠬᠡᠳ ᠤᠨ ᠴᠡᠴᠡᠷᠯᠢᠭ ᠤᠨ ᠲᠠᠯᠠᠪᠠᠶ ᠳᠤ ᠬᠤᠳᠠᠯᠳᠤᠭᠠᠴᠢᠨ ᠤᠷᠢᠵᠤ ᠪᠠᠶᠢᠨ᠎ᠠ᠃ ᠪᠣᠳᠠᠲᠠᠶ ᠬᠤᠳᠠᠯᠳᠤᠭᠠᠴᠢᠨ ᠤᠷᠢᠬᠤ ᠤᠴᠢᠷ ᠢ ᠳᠣᠤᠷᠠᠬᠢ ᠮᠡᠲᠦ ᠵᠠᠷᠯᠠᠨ᠎ᠠ᠄    ᠨᠢᠭᠡ᠂ ᠲᠠᠯᠠᠪᠤᠷ ᠤᠨ ᠮᠡᠳᠡᠭᠡ ᠵᠠᠩᠭᠢ᠄ ᠬᠡᠦᠬᠡᠳ ᠤᠨ ᠴᠡᠴᠡᠷᠯᠢᠭ ᠨᠢ ᠬᠤᠶᠢᠲᠤ ᠰᠢᠷ᠎ᠠ ᠵᠤᠤ ᠰᠢᠶᠠᠩ ᠤᠨ ᠵᠠᠰᠠᠭ ᠤᠨ ᠣᠷᠳᠣᠨ ᠤ ᠪᠠᠷᠠᠭᠤᠨ ᠬᠤᠶᠢᠲᠤ 500 ᠮᠧᠲᠷ ᠲᠤ ᠪᠠᠶᠢᠷᠢᠯᠠᠵᠤ᠂ ᠶᠡᠷᠦᠩᠬᠡᠶ ᠲᠠᠯᠠᠪᠠᠶ ᠨᠢ 35638.71 ᠲᠡᠭᠰᠢ ᠳᠥᠷᠪᠡᠯᠵᠢᠨ ᠮᠧᠲᠷ ᠪᠠᠶᠢᠵᠤ᠂ ᠡᠭᠦᠨ ᠳᠤ ᠪᠠᠷᠢᠯᠭ᠎ᠠ ᠶᠢᠨ ᠲᠠᠯᠠᠪᠠᠶ ᠨᠢ 4559.35 ᠲᠡᠭᠰᠢ ᠳᠥᠷᠪᠡᠯᠵᠢᠨ ᠮᠧᠲᠷ᠂ ᠨᠢᠭᠡ ᠰᠠᠭᠤᠷᠢ ᠭᠤᠷᠪᠠᠨ ᠳᠠᠪᠬᠤᠷ ᠵᠢᠭᠠᠨ ᠰᠤᠷᠭᠠᠯᠲᠠ ᠶᠢᠨ ᠠᠰᠠᠷ ᠲᠠᠢ᠂ ᠲᠠᠯᠠᠪᠠᠶ ᠨᠢ 2027.14 ᠲᠡᠭᠰᠢ ᠳᠥᠷᠪᠡᠯᠵᠢᠨ ᠮᠧᠲᠷ ᠪᠠᠶᠢᠨ᠎ᠠ᠃ ᠨᠢᠭᠡ ᠰᠠᠭᠤᠷᠢ ᠭᠤᠷᠪᠠᠨ ᠳᠠᠪᠬᠤᠷ ᠪᠠᠶᠢᠷᠢ ᠶᠢᠨ ᠠᠰᠠᠷ ᠲᠠᠢ ᠂ ᠲᠠᠯᠠᠪᠠᠶ ᠨᠢ 1431.36 ᠲᠡᠭᠰᠢ ᠳᠥᠷᠪᠡᠯᠵᠢᠨ ᠮᠧᠲᠷ᠃ ᠨᠢᠭᠡ ᠰᠠᠭᠤᠷᠢ ᠬᠤᠭᠤᠯᠠᠨ ᠬᠡᠷ ᠪᠠᠶᠢᠵᠤ᠂ ᠲᠠᠯᠠᠪᠠᠶ ᠨᠢ 501.05 ᠲᠡᠭᠰᠢ ᠳᠥᠷᠪᠡᠯᠵᠢᠨ ᠮᠧᠲᠷ ᠪᠣᠯᠤᠨ᠎ᠠ᠃ ᠭᠡᠷ ᠪᠠᠶᠢᠰᠢᠩ ᠤᠨ ᠲᠠᠯᠠᠪᠠᠢ ᠶᠡᠭᠡ ᠮᠥᠷᠲᠡᠭᠡᠨ ᠪᠠᠶᠢᠷᠢᠯᠠᠭᠤᠯᠤᠯᠲᠠ ᠨᠢ ᠵᠦᠶ ᠵᠣᠬᠢᠰᠲᠠᠶ ᠠᠵᠢᠯᠯᠠᠬᠤ ᠲᠣᠭᠤᠷᠢᠭ ᠵᠢᠴᠢ ᠡᠭᠦᠳᠡᠨ ᠭᠡᠷ᠂ ᠤᠰᠤ ᠴᠠᠬᠢᠯᠭᠠᠨ ᠪᠦᠷᠢᠨ᠂ ᠲᠠᠯᠠᠪᠤᠷ ᠭᠠᠵᠠᠷ ᠤᠨ ᠡᠷᠭᠢᠨ ᠲᠣᠭᠤᠷᠢᠨ ᠥᠷᠭᠡᠨ᠂ ᠬᠦᠷᠢᠶ᠎ᠡ ᠳᠣᠲᠣᠷᠠᠬᠢ ᠥᠷᠭᠡᠨ ᠠᠭᠤᠳᠠᠮ ᠪᠡᠶ᠎ᠡ ᠶᠢᠨ ᠲᠠᠮᠢᠷ ᠤᠨ ᠲᠠᠯᠠᠪᠠᠶ ᠵᠢᠴᠢ ᠰᠦᠯᠢᠶᠣᠣ ᠴᠠᠪᠠᠤ ᠬᠦᠶᠦᠬᠦ ᠵᠠᠮ ᠲᠠᠢ᠂ ᠪᠡᠶ᠎ᠡ ᠴᠢᠭᠢᠷᠠᠭᠵᠢᠭᠤᠯᠬᠤ ᠪᠠᠭᠠᠵᠢ ᠬᠡᠷᠡᠭᠰᠡᠯ ᠪᠦᠷᠢᠨ ᠭᠦᠢᠴᠡᠳ ᠪᠠᠶᠢᠨ᠎ᠠ᠃    ᠬᠤᠶᠠᠷ᠂ ᠵᠠᠬ᠎ᠠ ᠳᠡᠯᠭᠡᠭᠦᠷ ᠤᠨ ᠵᠠᠳᠠᠯᠤᠯᠲᠠ᠄ ᠪᠡᠯᠡ ᠣᠷᠣᠭᠤᠯᠤᠯᠲᠠ ᠶᠢᠨ ᠲᠣᠰ ᠲᠥᠷᠥᠯ ᠵᠦᠢᠯ ᠨᠢ ᠳᠥᠷᠪᠡᠨ ᠶᠡᠭᠡ ᠳᠠᠪᠠᠭᠤᠯᠢᠭ ᠲᠠᠢ᠂ ᠨᠢᠭᠡ ᠳᠤ᠂ ᠭᠠᠷ ᠭᠦᠢᠴᠡᠳᠬᠡᠯ ᠨᠢ ᠪᠦᠷᠢᠨ ᠭᠦᠢᠴᠡᠳ ᠪᠠᠶᠢᠳᠠᠭ᠃ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠪᠦᠳᠦᠭᠡᠨ ᠪᠠᠶᠢᠭᠤᠯᠤᠯᠲᠠ᠂ ᠶᠠᠰᠤ ᠴᠢᠨᠠᠷ ᠢᠲᠡᠭᠡᠯ ᠬᠦᠨᠳᠦ ᠨᠢ ᠪᠠᠲᠤᠯᠠᠭ᠎ᠠ ᠲᠠᠢ᠃ ᠬᠤᠶᠠᠷ ᠲᠤ᠂ ᠭᠠᠵᠠᠷ ᠵᠦᠶ ᠶᠢᠨ ᠨᠥᠬᠦᠴᠡᠯ ᠰᠢᠯᠢᠳᠡᠭ᠃ ᠵᠠᠮ ᠬᠠᠷᠢᠯᠴᠠᠭ᠎ᠠ ᠳᠥᠭᠦᠮ᠂ ᠲᠡᠷᠭᠡ ᠵᠣᠭᠰᠣᠭᠠᠬᠤ ᠳᠤ ᠳᠥᠭᠦᠮ᠂ ᠠᠭᠠᠷ ᠴᠡᠪᠡᠷ ᠴᠡᠮᠴᠡᠭᠡᠷ ᠪᠠᠶᠢᠵᠤ᠂ ᠴᠠᠭᠠᠰᠤᠴᠢ ᠪᠠᠯᠭᠠᠰᠤ ᠠᠴᠠ 16  ᠺᠢᠯᠤᠮᠧᠲᠷ᠂ ᠬᠦᠳᠡᠭᠡ ᠲᠤᠰᠬᠤᠨ ᠵᠠᠮ ᠠᠴᠠ 4 ᠺᠢᠯᠤᠮᠧᠲᠷ ᠵᠠᠶᠢᠲᠠᠶ ᠃ ᠭᠤᠷᠪᠠ ᠳᠤ᠂ ᠢᠵᠢ ᠪᠥᠷᠢᠳᠦᠭᠦᠯᠦᠨ ᠲᠡᠭᠦᠯᠳᠡᠷᠵᠢᠭᠦᠯᠪᠡ᠃ ᠲᠥᠷᠥᠯ ᠵᠦᠶ᠋ᠯ ᠤᠨ ᠡᠷᠬᠢᠨ ᠲᠣᠭᠤᠷᠢᠨ ᠤ ᠰᠢᠶᠠᠩ ᠤᠨ ᠵᠠᠰᠠᠭ ᠤᠨ ᠣᠷᠳᠣᠨ᠂ ᠪᠠᠩᠬᠢ᠂ ᠲᠣᠮᠢᠯᠠᠭᠰᠠᠨ ᠰᠠᠯᠪᠤᠷᠢ᠂ ᠬᠡᠲᠦ ᠳᠡᠯᠭᠡᠭᠦᠷ ᠤᠨ ᠲᠣᠭᠤᠷᠢᠯ ᠵᠠᠮ ᠤᠨ ᠠᠭᠤᠯᠵᠠᠷ ᠢ ᠡᠷᠬᠢᠨ ᠲᠣᠭᠤᠷᠢᠨ ᠢᠶᠠᠷ ᠠᠵᠢᠭᠯᠠᠨ᠎ᠠ ᠃ ᠲᠦᠷᠪᠡ ᠳᠤ᠂ ᠡᠵᠡᠩᠨᠡᠯᠲᠡ ᠶᠢ ᠠᠮᠢᠳᠤᠯᠢᠭ ᠪᠣᠯᠭᠠᠨ᠎ᠠ᠃ ᠲᠣᠰ ᠲᠥᠷᠥᠯ ᠵᠦᠢᠯ ᠤᠨ ᠬᠡᠷ ᠪᠠᠶᠢᠰᠢᠩ ᠤᠨ ᠲᠠᠯᠠᠪᠠᠶ ᠶᠢ ᠴᠢᠯᠥᠭᠡᠲᠡᠶ ᠰᠠᠯᠭᠠᠵᠤ ᠪᠣᠯᠤᠨ᠎ᠠ᠂ ᠪᠠᠯᠠ ᠣᠷᠣᠭᠤᠯᠤᠭᠴᠢᠳ ᠡᠵᠡᠩᠨᠡᠯᠲᠡ ᠶᠢᠨ ᠲᠥᠷᠥᠯ ᠵᠦᠢᠯ ᠵᠢᠴᠢ ᠪᠠᠯᠠ ᠣᠷᠣᠭᠤᠯᠤᠯᠲᠠ ᠶᠢᠨ ᠴᠢᠳᠠᠪᠤᠷᠢ ᠪᠠᠨ ᠦᠨᠳᠦᠰᠦᠯᠡᠨ ᠪᠠᠯᠠ ᠣᠷᠣᠭᠤᠯᠤᠯᠲᠠ ᠶᠢᠨ ᠥᠪᠡᠷ ᠤᠨ ᠥᠷᠲᠡᠭ ᠢ ᠰᠣᠩᠭᠤᠨ ᠡᠵᠡᠮᠳᠡᠵᠦ ᠪᠣᠯᠤᠨ᠎ᠠ᠂ ᠨᠠᠰᠤᠲᠠᠨ ᠢ ᠠᠰᠠᠷᠠᠬᠤ ᠬᠦᠷᠢᠶᠡᠯᠡᠩ᠂ ᠵᠣᠴᠢᠳ ᠤᠨ ᠪᠠᠭᠤᠳᠠᠯ᠂ ᠪᠣᠯᠪᠠᠰᠤᠷᠠᠯ ᠤᠨ ᠰᠠᠭᠤᠷᠢᠨ ᠭᠠᠵᠠᠷ᠂ ᠪᠠᠷᠠᠭᠠᠨ ᠤ ᠭᠦᠢᠯᠭᠡᠭᠡᠨ ᠤ ᠲᠥᠪ ᠵᠡᠷᠭᠡ ᠶᠢ ᠪᠠᠯᠠ ᠣᠷᠣᠭᠤᠯᠤᠨ ᠡᠵᠡᠩᠨᠡᠵᠦ ᠪᠣᠯᠤᠨ᠎ᠠ᠃    ᠭᠤᠷᠪᠠ᠂ ᠬᠤᠳᠠᠯᠳᠤᠭᠠᠴᠢᠨ ᠤᠷᠢᠬᠤ ᠨᠥᠬᠦᠴᠡᠯ᠄ 1. ᠨᠡᠷ᠎ᠡ ᠮᠡᠳᠡᠭᠦᠯᠦᠭᠰᠡᠨ ᠠᠵᠤ ᠠᠬᠤᠶᠢᠯᠠᠯ ᠡᠷᠬᠡᠪᠰᠢ ᠢᠲᠡᠭᠡᠯ ᠰᠠᠶᠢᠨ᠂ ᠨᠡᠶᠢᠭᠡᠮ ᠤᠨ ᠬᠠᠷᠢᠭᠤᠴᠠᠯᠭᠠᠲᠤ ᠰᠡᠳᠬᠢᠯᠭᠡ ᠴᠢᠩᠭ᠎ᠠ ᠪᠠᠶᠢᠬᠤ ᠬᠡᠷᠡᠭᠲᠡᠶ᠃ 2. ᠲᠤᠬᠠᠶ ᠶᠢᠨ ᠭᠠᠵᠠᠷ ᠤᠨ ᠲᠣᠰᠬᠤᠨ ᠤ ᠠᠷᠠᠳ ᠲᠤ ᠠᠵᠢᠯ ᠣᠯᠭᠤᠬᠤ ᠬᠠᠮᠢᠶ᠎ᠠ ᠪᠦᠬᠦᠢ ᠲᠣᠬᠢᠶᠠᠯ ᠬᠠᠩᠭᠠᠬᠤ ᠠᠵᠤ ᠠᠬᠤᠶᠢᠯᠠᠯ ᠡᠩ ᠲᠡᠷᠢᠭᠦᠨ ᠳᠤ ᠪᠠᠶᠢᠬᠤ ᠬᠡᠷᠡᠭᠲᠡᠶ᠃    ᠳᠥᠷᠪᠡ᠂ ᠪᠣᠳᠠᠲᠠᠶ ᠶᠠᠪᠤᠳᠠᠯ᠄ ᠲᠦᠷᠢᠶᠡᠰᠦᠨ ᠮᠥᠩᠭᠦ ᠶᠢ ᠨᠢᠭᠤᠷᠳᠠᠨ ᠬᠡᠯᠡᠯᠴᠡᠬᠦ᠃ ᠬᠠᠷᠢᠯᠴᠠᠬᠤ ᠬᠥᠮᠥᠨ᠄ ᠶᠠᠩ ᠵᠦᠸᠧ᠂ ᠬᠠᠷᠢᠯᠴᠠᠬᠤ ᠤᠲᠠᠰᠤ᠄ 0471 - 811990᠃ ᠨᠡᠶᠢᠭᠡᠮ ᠤᠨ ᠡᠯ᠎ᠡ ᠡᠲᠡᠭᠡᠳ ᠤᠨ ᠵᠣᠷᠢᠭ ᠲᠠᠢ ᠬᠦᠮᠦᠰ ᠢᠷᠡᠵᠦ ᠰᠢᠨᠵᠢᠯᠡᠨ ᠪᠠᠶᠢᠴᠠᠭᠠᠵᠤ᠂ ᠪᠡᠯᠡ ᠣᠷᠣᠭᠤᠯᠤᠨ ᠦᠢᠯᠡᠰ ᠪᠣᠰᠬᠠᠵᠤ᠂ ᠡᠳ᠋ ᠪᠠᠶᠠᠯᠢᠭ ᠣᠯᠬᠤ ᠶᠢ ᠬᠠᠯᠠᠭᠤᠨ ᠢᠶᠠᠷ  ᠤᠭᠲᠤᠨ᠎ᠠ᠃    ᠬᠤᠶᠢᠲᠤ ᠰᠢᠷ᠎ᠠ ᠵᠤᠤ ᠰᠢᠶᠠᠩ ᠤᠨ ᠠᠷᠠᠳ ᠤᠨ ᠵᠠᠰᠠᠭ ᠤᠨ ᠣᠷᠳᠣᠨ                       2024 ᠣᠨ ᠤ 7 ᠰᠠᠷ᠎ᠠ ᠶᠢᠨ 18 ᠤ ᠡᠳᠦᠷ
 
ᠢᠷᠡᠯᠲᠡ᠄ ᠲᠦᠮᠡᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号