ᠲᠦᠮᠡᠳ ᠵᠡᠭᠦᠨ ᠬᠤᠰᠢᠭᠤᠨ ᠤ ᠬᠠᠷᠢᠶ᠎ᠠ ᠳᠣᠲᠣᠷᠠᠬᠢ ᠤᠯᠤᠰ ᠤᠨ ᠵᠠᠮ G110 ᠱᠤᠭᠤᠮ ᠤᠨ K570+250 ᠵᠢᠯᠤᠭᠤᠴᠢᠨ ᠬᠤᠶᠠᠳᠤᠭᠠᠷ ᠬᠥᠭᠦᠷᠭᠡ ᠶᠢ ᠰᠡᠯᠪᠢᠨ ᠵᠠᠰᠠᠵᠤ ᠪᠠᠷᠢᠯᠭ᠎ᠠ ᠪᠠᠷᠢᠬᠤ ᠬᠤᠭᠤᠴᠠᠭᠠᠨ ᠳᠠᠬᠢ ᠵᠠᠮ ᠬᠠᠷᠢᠯᠴᠠᠭ᠎ᠠ ᠶᠠᠪᠤᠵᠤ ᠰᠠᠭᠤᠬᠤ ᠰᠠᠨᠠᠭᠤᠯᠤᠮᠵᠢ
ᠨᠡᠶᠢᠲᠡᠯᠡᠭᠰᠡᠨ ᠴᠠᠭ᠄
2024/7/18
   ᠥᠪᠥᠷ ᠮᠣᠩᠭᠤᠯ ᠤᠨ ᠦᠨᠳᠦᠷ ᠬᠤᠷᠳᠤᠴᠠᠲᠤ ᠵᠠᠰᠠᠮᠠᠯ ᠵᠠᠮ ᠠᠷᠠᠴᠢᠯᠠᠨ ᠬᠠᠮᠠᠭᠠᠯᠠᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠳᠥᠷᠪᠡᠳᠦᠭᠡᠷ ᠬᠤᠪᠢᠶᠠᠷᠢ ᠺᠣᠮᠫᠠᠨᠢ ᠲᠦᠮᠡᠳ ᠵᠡᠭᠦᠨ ᠬᠤᠰᠢᠭᠤᠨ ᠤ  ᠬᠠᠷᠢᠶ᠎ᠠ ᠳᠣᠲᠣᠷᠠᠬᠢ ᠤᠯᠤᠰ ᠤᠨ ᠵᠠᠮ ᠤᠨ G110 ᠱᠤᠭᠤᠮ ᠤᠨ K57+250 ᠵᠢᠯᠤᠭᠤᠴᠢᠨ ᠬᠤᠶᠠᠳᠤᠭᠠᠷ ᠬᠥᠭᠦᠷᠭᠡ ᠶᠢ ᠰᠡᠯᠪᠢᠨ ᠵᠠᠰᠠᠬᠤ ᠭᠡᠵᠦ ᠪᠠᠶᠢᠨ᠎ᠠ᠃ ᠪᠠᠷᠢᠯᠭ᠎ᠠ ᠶᠢᠨ ᠠᠵᠢᠯ ᠤᠨ ᠬᠤᠭᠤᠴᠠᠭᠠᠨ ᠳᠤ ᠵᠠᠮ ᠨᠡᠪᠲᠡᠷᠡᠯᠭᠡ ᠶᠢᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ︾ ᠶᠢᠨ ᠭᠤᠴᠢ ᠶᠢᠰᠦᠳᠦᠭᠡᠷ ᠵᠦᠢᠯ ᠤᠨ ᠲᠣᠭᠲᠠᠭᠠᠯ ᠢ ᠦᠨᠳᠦᠰᠦᠯᠡᠨ᠂ ᠰᠠᠯᠪᠤᠷᠢ ᠠᠩᠭᠢ ᠲᠣᠰ ᠪᠠᠷᠢᠯᠭ᠎ᠠ ᠶᠢᠨ ᠠᠵᠢᠯ ᠳᠤ ᠳᠣᠤᠷᠠᠬᠢ ᠮᠡᠲᠦ ᠵᠠᠮ ᠬᠠᠷᠢᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠠᠷᠭ᠎ᠠ ᠬᠡᠮᠵᠢᠶ᠎ᠡ ᠶᠢ ᠠᠪᠬᠤ ᠪᠠᠷ ᠲᠣᠭᠲᠠᠭᠠᠪᠠ᠄    ᠨᠢᠭᠡ ᠂  ᠰᠡᠯᠪᠢᠨ ᠵᠠᠰᠠᠬᠤ ᠴᠠᠭ᠄ 2024 ᠣᠨ ᠤ 7 ᠰᠠᠷ᠎ᠠ ᠶᠢᠨ 18 ᠤ ᠡᠳᠦᠷ ᠤᠨ ᠲᠡᠭ ᠴᠠᠭ ᠠᠴᠠ 8 ᠰᠠᠷ᠎ᠠ ᠶᠢᠨ 16 ᠤ ᠡᠳᠦᠷ ᠤᠨ 24 ᠴᠠᠭ᠃    ᠬᠤᠶᠠᠷ᠂  ᠰᠡᠯᠪᠢᠨ ᠵᠠᠰᠠᠬᠤ ᠵᠠᠮ᠄ ᠲᠦᠮᠡᠳ ᠵᠡᠭᠦᠨ ᠬᠤᠰᠢᠭᠤᠨ ᠤ  ᠬᠠᠷᠢᠶ᠎ᠠ ᠳᠣᠲᠣᠷᠠᠬᠢ ᠤᠯᠤᠰ ᠤᠨ ᠵᠠᠮ ᠤᠨ G110 ᠱᠤᠭᠤᠮ ᠤᠨ K570+250 ᠵᠢᠯᠤᠭᠤᠴᠢᠨ ᠬᠤᠶᠠᠳᠤᠭᠠᠷ ᠬᠥᠭᠦᠷᠭᠡ᠃    ᠭᠤᠷᠪᠠ᠂ ᠲᠣᠭᠤᠷᠢᠵᠤ ᠶᠠᠪᠤᠬᠤ ᠵᠠᠮ᠄    1. ᠰᠡᠯᠪᠢᠨ ᠵᠠᠰᠠᠬᠤ ᠵᠠᠮ ᠤᠨ ᠬᠡᠰᠡᠭ ᠲᠤ ᠬᠠᠭᠠᠰ ᠪᠢᠲᠡᠭᠦᠮᠵᠢᠯᠡᠭᠰᠡᠨ ᠠᠵᠢᠯ ᠬᠢᠵᠦ᠂ ᠨᠥᠭᠦᠭᠡ ᠬᠠᠭᠠᠰ ᠬᠡᠰᠡᠭ ᠨᠢ ᠰᠤᠪᠠᠭᠵᠢᠭᠤᠯᠤᠨ ᠲᠤᠰᠠᠭᠠᠷᠯᠠᠭᠰᠠᠨ ᠤ ᠳᠠᠷᠠᠭ᠎ᠠ᠂ ᠨᠢᠭᠡ ᠵᠤᠷᠪᠤᠰ ᠲᠡᠷᠭᠡᠨ ᠵᠠᠮ ᠢ ᠦᠯᠡᠳᠡᠭᠡᠵᠦ ᠵᠢᠵᠢᠭ ᠬᠡᠯᠪᠡᠷᠢ ᠶᠢᠨ ᠲᠡᠷᠭᠡ ᠨᠡᠪᠲᠡᠷᠡᠬᠦ ᠳᠤ ᠬᠠᠩᠭᠠᠵᠤ ᠪᠣᠯᠣᠨ᠎ᠠ᠃    2. ᠲᠣᠮᠣ ᠬᠡᠯᠪᠡᠷᠢ ᠶᠢᠨ ᠮᠠᠰᠢᠨ ᠲᠡᠷᠭᠡ G6 ᠦᠨᠳᠦᠷ ᠬᠤᠷᠳᠤᠴᠠᠲᠤ ᠵᠠᠰᠠᠮᠠᠯ ᠵᠠᠮ ᠢᠶᠠᠷ ᠲᠣᠭᠤᠷᠢᠵᠤ᠂ ᠪᠠᠷᠠᠭᠤᠨ ᠠᠴᠠ ᠵᠡᠭᠦᠨᠰᠢ ᠬᠠᠷ᠎ᠠ ᠤᠰᠤ ᠨᠠᠭᠤᠷ ᠤᠨ ᠰᠦᠢᠳᠬᠡᠯ ᠬᠤᠷᠢᠶᠠᠬᠤ ᠥᠷᠲᠡᠭᠡ ᠠᠴᠠ G6 ᠦᠨᠳᠦᠷ ᠬᠤᠷᠳᠤᠴᠠᠲᠤ ᠵᠠᠰᠠᠮᠠᠯ ᠵᠠᠮ ᠢᠶᠠᠷ ᠠᠶᠠᠯᠠᠭᠠᠷᠠᠢ᠃ ᠵᠡᠭᠦᠨ ᠠᠴᠠ ᠪᠠᠷᠠᠭᠤᠨᠰᠢ ᠴᠠᠭᠠᠰᠤᠴᠢ ᠰᠦᠢᠳᠬᠡᠯ ᠬᠤᠷᠢᠶᠠᠬᠤ ᠥᠷᠲᠡᠭᠡ ᠠᠴᠠ G6  ᠦᠨᠳᠦᠷ ᠬᠤᠷᠳᠤᠴᠠᠲᠤ ᠵᠠᠰᠠᠮᠠᠯ ᠵᠠᠮ ᠢᠶᠠᠷ ᠠᠶᠠᠯᠠᠭᠠᠷᠠᠢ᠃    ᠲᠤᠰ ᠵᠠᠮ ᠢᠶᠠᠷ ᠥᠩᠭᠡᠷᠡᠬᠦ ᠲᠡᠷᠭᠡ ᠬᠥᠰᠬᠡ ᠶᠢᠨ ᠵᠢᠯᠣᠭᠤᠴᠢ ᠵᠠᠮ ᠬᠠᠷᠢᠯᠴᠠᠭᠠᠨ ᠤ ᠲᠡᠮᠳᠡᠭ᠂ ᠵᠢᠭᠠᠯᠲᠠ ᠫᠠᠶᠢᠰᠠ ᠶᠢᠨ ᠲᠣᠭᠲᠠᠭᠠᠯ ᠶᠣᠰᠣᠭᠠᠷ ᠨᠡᠪᠲᠡᠷᠡᠵᠦ᠂ ᠲᠤᠬᠠᠶ ᠶᠢᠨ ᠲᠠᠯᠠᠪᠤᠷ ᠲᠤ ᠵᠢᠵᠢᠭᠦᠷᠯᠡᠵᠦ ᠪᠠᠶᠢᠭ᠎ᠠ ᠠᠷᠠᠳ ᠤᠨ ᠴᠠᠭᠳᠠᠭ᠎ᠠ ᠪᠣᠯᠤᠨ ᠬᠠᠮᠢᠶᠠᠷᠤᠯᠲᠠ ᠶᠢᠨ ᠠᠵᠢᠯᠲᠠᠨ ᠤ ᠵᠢᠯᠣᠭᠤᠳᠣᠯᠭ᠎ᠠ ᠶᠢ ᠳᠠᠭᠠᠨ᠎ᠠ᠃ ᠵᠠᠮ ᠳᠡᠭᠡᠷ᠎ᠡ ᠪᠠᠷᠢᠯᠭ᠎ᠠ ᠪᠠᠷᠢᠭᠰᠠᠨ ᠠᠴᠠ ᠪᠣᠯᠵᠤ ᠣᠯᠠᠨ ᠲᠦᠮᠡᠨ ᠤ ᠶᠠᠪᠤᠵᠤ ᠰᠠᠭᠤᠬᠤ ᠳᠤ ᠳᠥᠭᠦᠮ ᠦᠭᠡᠢ ᠪᠣᠯᠤᠭᠰᠠᠨ ᠪᠣᠯᠬᠤᠷ ᠠᠭᠤᠴᠢᠯᠠᠨ ᠳᠡᠮᠵᠢᠬᠦ ᠪᠣᠯᠪᠠᠤ᠃    ᠣᠨᠴᠠᠭᠠᠶᠢᠯᠠᠨ ᠰᠠᠨᠠᠭᠤᠯᠵᠤ ᠪᠠᠶᠢᠨ᠎ᠠ᠃    ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ                      2024 ᠣᠨ ᠤ 7 ᠰᠠᠷ᠎ᠠ ᠶᠢᠨ 16 ᠤ ᠡᠳᠦᠷ
 
ᠢᠷᠡᠯᠲᠡ᠄ ᠬᠥᠬᠡᠬᠤᠲᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号