ᠬᠤᠶᠢᠲᠤ  ᠰᠢᠷ᠎ᠠ ᠵᠣᠣ ᠰᠢᠶᠠᠩ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢᠨ ᠠᠵᠢᠯ ᠢ ᠠᠬᠢᠭᠤᠯᠬᠤ ᠬᠤᠷᠠᠯ ᠬᠢᠪᠡ
ᠨᠡᠶᠢᠲᠡᠯᠡᠭᠰᠡᠨ ᠴᠠᠭ᠄
2024/7/19
    ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠵᠦ᠂ 7ᠰᠠᠷ᠎ᠠ ᠶᠢᠨ 18 ᠤ ᠡᠳᠦᠷ᠂ ᠬᠤᠶᠢᠲᠤ ᠰᠢᠷ᠎ᠠ ᠵᠣᠣ ᠰᠢᠶᠠᠩ  ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢᠨ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ᠃    ᠬᠤᠷᠠᠯ ᠠᠴᠠ᠂ ᠨᠢᠭᠡ ᠳᠤ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠬᠠᠷᠠᠯᠲᠠ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠲᠦᠷᠭᠡᠳᠬᠡᠨ ᠠᠬᠢᠭᠤᠯᠵᠤ᠂ ᠡᠯ᠎ᠡ ᠵᠦᠢᠯ ᠤᠨ ᠢᠲᠡᠭᠡᠮᠵᠢ ᠶᠢᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠵᠤ᠂ ᠨᠡᠩ ᠴᠢᠩᠭ᠎ᠠ ᠵᠣᠷᠢᠭ᠂ ᠨᠡᠩ ᠪᠦᠲᠦᠮᠵᠢᠲᠡᠢ ᠠᠷᠭ᠎ᠠ ᠬᠡᠮᠵᠢᠶ᠎ᠡ ᠪᠠᠷ ᠡᠭᠦᠷᠭᠡᠯᠡᠵᠦ ᠪᠠᠶᠢᠭ᠎ᠠ ᠪᠣᠳᠠᠲᠠᠢ ᠡᠭᠦᠷᠭᠡ ᠪᠠᠨ ᠥᠨᠳᠥᠷ ᠪᠠᠷᠢᠮᠵᠢᠶ᠎ᠠ ᠪᠠᠷ ᠪᠡᠶᠡᠯᠡᠭᠦᠯᠬᠦ ᠬᠡᠷᠡᠭᠲᠡᠢ᠃ ᠬᠤᠶᠠᠷ ᠲᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠦᠨᠡᠨᠴᠢ ᠢᠲᠡᠭᠡᠮᠵᠢ ᠶᠢᠨ ᠬᠥᠮᠦᠵᠢᠯ ᠢ ᠢᠳᠡᠪᠬᠢᠲᠡᠢ ᠥᠷᠨᠢᠭᠦᠯᠬᠦ ᠬᠡᠷᠡᠭᠲᠡᠢ᠃ ᠪᠦᠬᠦ ᠰᠢᠶᠠᠩ ᠤᠨ ᠺᠠᠳ᠋ᠷᠴᠤᠳ ᠤᠨ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠰᠠᠶᠢᠬᠠᠨ ᠰᠤᠷᠲᠠᠯ ᠢ ᠪᠠᠳᠠᠷᠠᠭᠤᠯᠬᠤ ᠶᠢ ᠰᠠᠨᠠᠭᠠᠴᠢᠯᠠᠵᠤ᠂ ᠦᠨᠡᠨᠴᠢ ᠢᠲᠡᠭᠡᠮᠵᠢᠲᠡᠶ ᠦᠭᠡ ᠬᠡᠯᠡᠵᠦ᠂ ᠦᠨᠡᠨᠴᠢ ᠢᠲᠡᠭᠡᠮᠵᠢᠲᠡᠶ ᠠᠵᠢᠯ ᠬᠢᠵᠦ᠂ ᠦᠨᠡᠨᠴᠢ ᠢᠲᠡᠭᠡᠮᠵᠢᠲᠡᠶ ᠬᠥᠮᠦᠨ ᠪᠣᠯᠬᠤ ᠬᠡᠷᠡᠭᠲᠡᠶ᠃ ᠦᠨᠡᠨᠴᠢ ᠢᠲᠡᠭᠡᠮᠵᠢ ᠶᠢᠨ ᠣᠶᠢᠯᠠᠭᠠᠭᠳᠠᠬᠤᠨ ᠢ ᠢᠳᠡᠪᠬᠢᠲᠡᠢ ᠤᠯᠠᠮᠵᠢᠯᠠᠵᠤ᠂ ᠦᠨᠡᠨᠴᠢ ᠢᠲᠡᠭᠡᠮᠵᠢ ᠶᠢᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠦᠨᠡᠨᠴᠢ ᠢᠲᠡᠭᠡᠮᠵᠢ ᠶᠢᠨ ᠦᠯᠢᠭᠡᠷ ᠢ ᠰᠠᠶᠢᠲᠤᠷ ᠶᠠᠷᠢᠵᠤ᠂ ᠦᠨᠡᠨᠴᠢ ᠢᠲᠡᠭᠡᠮᠵᠢ ᠶᠢᠨ ᠬᠡᠪ ᠳᠠᠭᠤᠷᠢᠶᠠᠯ ᠢ ᠰᠤᠷᠤᠯᠴᠠᠵᠤ᠂ ᠡᠯ᠎ᠡ ᠵᠦᠢᠯ ᠤᠨ ᠢᠲᠡᠭᠡᠯ ᠠᠯᠳᠠᠭᠰᠠᠨ ᠠᠵᠢᠯᠯᠠᠭ᠎ᠠ ᠶᠢ ᠤᠬᠠᠮᠰᠠᠷ ᠠᠴᠠ ᠪᠠᠨ ᠡᠰᠡᠷᠭᠦᠴᠡᠨ ᠬᠤᠷᠢᠭᠯᠠᠵᠤ᠂ ᠰᠠᠶᠢᠨ ᠢᠲᠡᠭᠡᠬᠦ᠂ ᠢᠲᠡᠭᠡᠮᠵᠢ ᠲᠠᠢ ᠪᠠᠶᠢᠬᠤ᠂ ᠢᠲᠡᠭᠡᠬᠦ ᠶᠢ ᠴᠢᠬᠤᠯᠠᠴᠢᠯᠠᠬᠤ ᠤᠬᠠᠭᠤᠯᠤᠭᠴᠢ᠂ ᠲᠠᠭᠠᠭᠤᠯᠤᠭᠴᠢ᠂ ᠦᠢᠯᠡᠳᠦᠯᠭᠡᠵᠢᠭᠦᠯᠦᠭᠴᠢ ᠪᠣᠯᠬᠤ ᠬᠡᠷᠡᠭᠲᠡᠢ᠃ ᠭᠤᠷᠪᠠ ᠳᠤ᠂ ᠦᠨᠡᠨᠴᠢ ᠢᠲᠡᠭᠡᠮᠵᠢ ᠶᠢᠨ ᠤᠬᠠᠭᠤᠯᠭ᠎ᠠ ᠶᠢ ᠴᠢᠩᠭᠠᠳᠬᠠᠬᠤ ᠬᠡᠷᠡᠭᠲᠡᠶ᠃ ᠠᠵᠤ ᠠᠬᠤᠶᠢᠯᠠᠯ ᠳᠤ ᠣᠷᠣᠬᠤ ᠪᠠᠷ ᠳᠠᠮᠵᠢᠭᠤᠯᠤᠨ ᠦᠨᠡᠨᠴᠢ ᠢᠲᠡᠭᠡᠮᠵᠢᠲᠡᠶ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠲᠠᠶᠢᠯᠪᠤᠷᠢᠯᠠᠨ ᠶᠠᠷᠢᠵᠤ᠂ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ︽ᠦᠨᠡᠨᠴᠢ ᠢᠲᠡᠭᠡᠮᠵᠢᠲᠡᠶ︾ ᠪᠠᠷ ᠪᠠᠷᠢᠮᠵᠢᠶ᠎ᠠ ᠪᠣᠯᠭᠠᠬᠤ ᠶᠢ ᠰᠠᠨᠠᠭᠠᠴᠢᠯᠠᠵᠤ ᠂ ᠵᠥᠪ ᠣᠨᠣᠪᠴᠢᠲᠠᠶ ᠠᠮᠢᠳᠤᠷᠠᠬᠤᠶ ᠶᠢᠨ ᠦᠵᠡᠯᠲᠡ ᠪᠠ ᠥᠷᠲᠡᠭ ᠤᠨ ᠦᠵᠡᠯᠲᠡ ᠶᠢ ᠪᠣᠶ ᠪᠣᠯᠭᠠᠵᠤ᠂ ᠦᠨᠡᠨᠴᠢ ᠢᠲᠡᠭᠡᠮᠵᠢᠲᠡᠶ ᠪᠠᠶᠢᠬᠤ ᠬᠤᠷᠢᠭ᠎ᠠ ᠱᠤᠭᠤᠮ ᠢ ᠪᠠᠲᠤ ᠰᠠᠬᠢᠵᠤ᠂ ᠢᠲᠡᠭᠡᠮᠵᠢ ᠶᠢ ᠰᠠᠬᠢᠬᠤ᠂ ᠶᠣᠰᠣ ᠲᠦᠷᠢᠮ ᠢ ᠰᠠᠬᠢᠬᠤ᠂ ᠰᠠᠶᠢᠨ ᠰᠡᠳᠭᠢᠯ ᠢ ᠰᠠᠬᠢᠬᠤ ᠰᠠᠶᠢᠨ ᠠᠵᠤ ᠠᠬᠤᠶᠢᠯᠠᠯ ᠪᠣᠯᠬᠤ ᠬᠡᠷᠡᠭᠲᠡᠶ᠃ ᠦᠨᠡᠨᠴᠢ ᠢᠲᠡᠭᠡᠮᠵᠢᠲᠡᠶ ᠪᠠᠶᠢᠬᠤ ᠪᠦᠲᠦᠭᠡᠨ ᠪᠠᠶᠢᠭᠤᠯᠤᠯᠲᠠ ᠶᠢᠨ ᠣᠨᠣᠯᠵᠢᠬᠤᠨ ᠢ ᠬᠠᠮᠲᠤᠪᠠᠷ ᠰᠠᠨᠠᠭᠠᠴᠢᠯᠠᠨ ᠦᠢᠯᠡᠳᠦᠯᠭᠡᠵᠢᠭᠦᠯᠵᠦ᠂ ᠬᠠᠮᠲᠤᠪᠠᠷ ᠴᠢᠷᠮᠠᠶᠢᠵᠤ᠂ ᠬᠠᠮᠲᠤᠪᠠᠷ ᠲᠡᠮᠡᠴᠡᠵᠦ᠂ ᠦᠨᠡᠨᠴᠢ ᠢᠲᠡᠭᠡᠮᠵᠢᠲᠡᠶ᠂ ᠲᠥᠪ ᠭᠤᠤᠯᠴᠢ ᠰᠢᠳᠤᠷᠭᠤ ᠶᠣᠰᠣ᠂ ᠡᠶ᠎ᠡ ᠵᠣᠬᠢᠴᠠᠯ ᠲᠠᠢ ᠲᠣᠭᠲᠠᠭᠤᠨ ᠰᠠᠶᠢᠨ ᠰᠠᠶᠢᠬᠠᠨ ᠬᠤᠶᠢᠲᠤ  ᠰᠢᠷ᠎ᠠ ᠵᠣᠣ ᠰᠢᠶᠠᠩ ᠢ ᠬᠠᠮᠲᠤᠪᠠᠷ ᠴᠣᠭᠴᠠᠯᠠᠨ ᠪᠠᠶᠢᠭᠤᠯᠤᠶ᠎ᠠ︕    ᠲᠠᠷᠠᠭᠠᠴᠢ ᠶᠢᠨ ᠠᠯᠬᠤᠮ ᠳᠤ᠂  ᠬᠤᠶᠢᠲᠤ  ᠰᠢᠷ᠎ᠠ ᠵᠣᠣ ᠰᠢᠶᠠᠩ᠂ ᠥᠪᠡᠷᠲᠡᠭᠡᠨ ᠵᠠᠰᠠᠬᠤ ᠣᠷᠣᠨ᠂ ᠬᠤᠲᠠ᠂ ᠬᠤᠰᠢᠭᠤᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠠᠷᠪᠠ ᠶᠢ ᠢᠯᠡᠴᠢᠯᠡᠬᠦ︾ ᠠᠵᠢᠯ ᠤᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠮᠠᠨ ᠤ ᠰᠢᠶᠠᠩ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠠᠵᠢᠯ ᠤᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠤᠨ᠎ᠠ᠃
 
ᠢᠷᠡᠯᠲᠡ᠄ ᠬᠤᠶᠢᠲᠤ ᠰᠢᠷ᠎ᠠ ᠵᠣᠣ ᠰᠢᠶᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号