ᠪᠠᠢ ᠮᠢᠶᠣᠣ ᠽᠢ ᠪᠠᠯᠭᠠᠰᠤ ᠲᠣᠣᠷᠴᠢᠯᠠᠭᠰᠠᠨ ᠬᠠᠮᠢᠶᠠᠷᠤᠯᠲᠠ ᠶᠢᠨ ᠠᠵᠢᠯᠲᠠᠨ ᠤ ᠲᠤᠰᠬᠠᠢ ᠰᠡᠳᠦᠪᠲᠦ ᠪᠣᠯᠪᠠᠰᠤᠷᠠᠯ ᠤᠨ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/22
   ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾ ᠶᠢ ᠬᠥᠭᠵᠢᠭᠦᠯᠬᠦ ᠶᠢ ᠪᠠᠷᠢᠮᠲᠠᠯᠠᠵᠤ᠂ ᠲᠣᠣᠷᠴᠢᠯᠠᠭᠰᠠᠨ ᠬᠠᠮᠢᠶᠠᠷᠤᠯᠲᠠ ᠶᠢᠨ ᠠᠵᠢᠯᠲᠠᠨ ᠤ ᠨᠡᠶᠢᠭᠡᠮ ᠤᠨ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠠᠷᠢᠯᠭᠠᠬᠤ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ 7 ᠰᠠᠷ᠎ᠠ ᠶᠢᠨ 19 ᠤ ᠡᠳᠦᠷ᠂ ᠪᠠᠶ ᠮᠢᠶᠣᠣ ᠽᠢ ᠪᠠᠯᠭᠠᠰᠤ ᠲᠣᠣᠷᠴᠢᠯᠠᠭᠰᠠᠨ ᠬᠠᠮᠢᠶᠠᠷᠤᠯᠲᠠ ᠶᠢᠨ ᠠᠵᠢᠯᠲᠠᠨ ᠤ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠠᠷᠢᠯᠭᠠᠬᠤ ᠲᠤᠰᠬᠠᠶ ᠰᠡᠳᠦᠪᠲᠦ ᠪᠣᠯᠪᠠᠰᠤᠷᠠᠭᠤᠯᠤᠯ ᠤᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠬᠤᠷᠠᠯ ᠢ ᠠᠮᠤᠷ ᠲᠦᠪᠰᠢᠨ ᠤ ᠪᠠᠶᠢᠭᠤᠯᠤᠯᠲᠠ ᠶᠢᠨ ᠠᠯᠪᠠᠨ ᠬᠡᠷ ᠤᠨ ᠬᠠᠷᠢᠭᠤᠴᠠᠯᠭᠠᠲᠠᠨ ᠯᠠᠨ ᠶᠦᠨ ᠹᠧᠩ ᠡᠷᠭᠢᠯᠡᠵᠦ᠂ ᠪᠥᠬᠦ ᠰᠦᠯᠵᠢᠶᠡᠨ ᠤ ᠠᠵᠢᠯᠲᠠᠨ ᠬᠤᠷᠠᠯ ᠳᠤ ᠣᠷᠣᠯᠴᠠᠵᠠᠶ᠃    ᠬᠤᠷᠠᠯ ᠳᠡᠭᠡᠷ᠎ᠡ᠂ ᠡᠩ ᠲᠡᠷᠢᠭᠦᠨ ᠳᠤ ᠪᠠᠶ ᠮᠢᠶᠣᠣ ᠽᠢ ᠪᠠᠯᠭᠠᠰᠤᠨ ᠤ ᠠᠮᠤᠷ ᠲᠦᠪᠰᠢᠨ ᠤ ᠪᠠᠶᠢᠭᠤᠯᠤᠯᠲᠠ ᠶᠢᠨ ᠠᠯᠪᠠᠨ ᠬᠡᠷ ᠤᠨ ᠬᠠᠷᠢᠭᠤᠴᠠᠯᠭᠠᠲᠠᠨ ᠯᠠᠨ ᠶᠦᠨ ᠹᠧᠩ ᠣᠶᠢᠷ᠎ᠠ ᠶᠢᠨ ᠬᠤᠭᠤᠴᠠᠭᠠᠨ ᠤ  ᠲᠣᠣᠷᠴᠢᠯᠠᠭᠰᠠᠨ ᠬᠠᠮᠢᠶᠠᠷᠤᠯᠲᠠ ᠶᠢᠨ ᠭᠤᠤᠯᠳᠠᠯᠭ᠎ᠠ ᠲᠠᠢ ᠠᠵᠢᠯ ᠳᠤ ᠪᠠᠶᠢᠷᠢᠯᠠᠭᠤᠯᠤᠯᠲᠠ ᠬᠢᠵᠦ᠂ ᠳᠠᠷᠠᠭ᠎ᠠ ᠨᠢ ᠲᠤᠰᠬᠠᠶ ᠲᠤᠰᠢᠶᠠᠯᠲᠤ ᠲᠣᠣᠷᠴᠢᠯᠠᠭᠰᠠᠨ ᠬᠠᠮᠢᠶᠠᠷᠤᠯᠲᠠ ᠶᠢᠨ ᠠᠵᠢᠯᠲᠠᠨ ᠸᠢᠳᠢᠣ᠋ ᠪᠣᠯᠪᠠᠰᠤᠷᠠᠭᠤᠯᠤᠯ ᠤᠨ ᠬᠤᠷᠠᠯ ᠳᠤ ᠣᠷᠣᠯᠴᠠᠪᠠ᠃ ᠲᠣᠰ ᠤᠳᠠᠭᠠᠨ ᠤ ᠪᠣᠯᠪᠠᠰᠤᠷᠠᠭᠤᠯᠤᠯ ᠤᠨ ᠬᠤᠷᠠᠯ ᠨᠢ ᠰᠦᠯᠵᠢᠶᠡᠨ ᠤ ᠠᠵᠢᠯᠲᠠᠨ ᠤ ᠵᠦᠢᠯᠡᠰ ᠢ ᠳᠡᠭᠡᠭᠰᠢ ᠮᠡᠳᠡᠭᠦᠯᠬᠦ᠂ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠬᠤ ᠪᠠ ᠡᠶᠡᠳᠡᠭᠦᠯᠬᠦ ᠵᠡᠷᠭᠡ ᠠᠭᠤᠯᠭ᠎ᠠ ᠳᠤ ᠰᠢᠰᠲ᠋ᠧᠮ ᠲᠠᠢ ᠪᠣᠯᠪᠠᠰᠤᠷᠠᠭᠤᠯᠤᠯ ᠬᠢᠵᠦ᠂ ᠲᠠᠶᠢᠯᠪᠤᠷᠢᠯᠠᠭᠴᠢ ᠠᠴᠠ ᠦᠨᠳᠦᠰᠦᠨ ᠱᠠᠲᠤᠨ ᠤ ᠵᠥᠷᠢᠴᠡᠯ ᠵᠢᠭᠤᠷᠠᠯᠳᠤᠭᠠᠨ ᠢ ᠡᠶᠡᠳᠡᠭᠦᠯᠬᠦ ᠳᠤ ᠣᠷᠣᠯᠴᠠᠬᠤ ᠠᠵᠢᠯ ᠤᠨ ᠲᠤᠷᠰᠢᠯᠭ᠎ᠠ ᠲᠠᠢ ᠤᠶᠠᠯᠳᠤᠭᠤᠯᠤᠨ ᠵᠥᠷᠢᠴᠡᠯ ᠵᠢᠭᠤᠷᠠᠯᠳᠤᠭᠠᠨ ᠢ ᠠᠷᠢᠯᠭᠠᠬᠤ ᠠᠷᠭ᠎ᠠ ᠮᠠᠶ᠋ᠢᠭ ᠢ ᠲᠠᠶᠢᠯᠪᠤᠷᠢᠯᠠᠵᠤ᠂ ᠪᠦᠬᠦ᠋ᠢᠯᠡ ᠪᠣᠯᠪᠠᠰᠤᠷᠠᠭᠤᠯᠤᠯ ᠨᠢ ᠭᠦᠨᠵᠡᠭᠡᠶ ᠪᠥᠭᠡᠳ ᠣᠶᠢᠯᠠᠭᠠᠮᠵᠢᠲᠠᠶ᠂ ᠬᠡᠷᠡᠭ ᠤᠨ ᠵᠢᠱᠢᠶ᠎ᠡ ᠲᠠᠢ᠂ ᠠᠷᠭ᠎ᠠ ᠲᠠᠢ᠂ ᠮᠡᠷᠭᠡᠵᠢᠯ ᠲᠠᠢ ᠪᠣᠯᠤᠭᠰᠠᠨ ᠪᠠᠶᠢᠨ᠎ᠠ᠃ ᠲᠣᠣᠷᠴᠢᠯᠠᠭᠰᠠᠨ ᠬᠠᠮᠢᠶᠠᠷᠤᠯᠲᠠ ᠶᠢᠨ  ᠠᠵᠢᠯᠲᠠᠳ ᠣᠯᠠᠨ ᠠᠰᠢᠭ ᠬᠦᠷᠲᠡᠵᠡᠢ ᠭᠡᠵᠦ ᠢᠯᠡᠷᠬᠡᠶᠢᠯᠡᠵᠡᠢ᠃    ᠵᠥᠷᠢᠴᠡᠯ ᠵᠢᠭᠤᠷᠠᠯᠳᠤᠭᠠᠨ ᠢ ᠪᠠᠶᠢᠴᠠᠭᠠᠨ ᠰᠢᠢᠳᠪᠦᠷᠢᠯᠡᠬᠦ ᠠᠵᠢᠯ ᠨᠢ ᠤᠯᠠᠨ ᠲᠦᠮᠡᠨ ᠤ ᠠᠮᠤᠷ ᠲᠦᠪᠰᠢᠨ ᠤ ᠲᠦᠷᠦᠭᠳᠡᠯ᠂ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ ᠲᠠᠢ ᠬᠤᠯᠪᠣᠭᠳᠠᠨ᠎ᠠ᠃ ᠲᠠᠷᠠᠭᠠᠴᠢ ᠶᠢᠨ ᠠᠯᠬᠤᠮ ᠳᠤ᠂ ᠪᠠᠶ ᠮᠢᠶᠣᠣ ᠽᠢ ᠪᠠᠯᠭᠠᠰᠤ ᠲᠣᠣᠷᠴᠢᠯᠠᠭᠰᠠᠨ ᠦᠢᠯᠡᠴᠢᠯᠡᠭᠡᠨ ᠤ ᠬᠠᠮᠢᠶᠠᠷᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠲᠣᠣᠷᠴᠢᠯᠠᠭᠰᠠᠨ ᠬᠠᠮᠢᠶᠠᠷᠤᠯᠲᠠ ᠶᠢᠨ ᠠᠵᠢᠯᠲᠠᠨ ᠳᠤ ᠬᠢᠨᠠᠯᠲᠠ ᠲᠠᠯᠪᠢᠵᠤ ︽ᠹᠧᠩᠴᠢᠶᠤᠤ ᠶᠢᠨ ᠲᠤᠷᠰᠢᠯᠭ᠎ᠠ︾ ᠶᠢ ᠢᠳᠡᠪᠬᠢᠲᠡᠶ ᠦᠶ᠋ᠯᠡᠳᠦᠯᠭᠡᠵᠢᠭᠦᠯᠵᠦ᠂ ︽ᠴᠠᠭ ᠢᠮᠠᠭᠲᠠ ᠰᠠᠨᠠᠭ᠎ᠠ ᠠᠮᠤᠷ ᠪᠠᠶᠢᠬᠤ︾ ᠬᠠᠷᠢᠭᠤᠴᠠᠯᠭᠠᠲᠤ ᠰᠡᠳᠬᠢᠯᠭᠡ ᠪᠠᠷ ᠵᠥᠷᠢᠴᠡᠯ ᠵᠢᠭᠤᠷᠠᠯᠳᠤᠭᠠᠨ ᠢ ᠤᠷᠢᠳᠴᠢᠯᠠᠨ ᠰᠡᠷᠭᠡᠶᠢᠯᠡᠵᠦ ᠵᠢᠭᠰᠠᠭᠠᠨ ᠪᠠᠶᠢᠴᠠᠭᠠᠵᠤ ᠠᠷᠢᠯᠭᠠᠬᠤ ᠠᠵᠢᠯ ᠢ ᠨᠠᠷᠢᠯᠢᠭ ᠰᠠᠶᠢᠲᠤᠷ ᠬᠢᠵᠦ᠂ ︽ᠭᠤᠯᠭᠤᠭᠤᠷ ᠡᠮ︾ ᠤᠨ  ᠦᠢᠯᠡᠳᠦᠯ ᠢ ᠭᠦᠶ᠋ᠴᠡᠳ ᠪᠠᠳᠠᠷᠠᠭᠤᠯᠵᠤ᠂ ᠰᠠᠭᠤᠭᠠᠯᠢ ᠠᠷᠠᠳ ᠤᠨ ︽ᠳᠣᠲᠣᠨᠣ ᠬᠥᠮᠦᠨ︾᠂ ︽ᠶᠠᠪᠤᠳᠠᠯ︾ ᠢ ᠰᠠᠶᠢᠲᠤᠷ ᠬᠢᠵᠦ᠂ ᠪᠠᠭ᠎ᠠ ᠶᠠᠪᠤᠳᠠᠯ ᠢ ᠲᠣᠰᠬᠤᠨ ᠠᠴᠠ ᠭᠠᠷᠭᠠᠬᠤ ᠥᠬᠡᠶ᠂ ᠶᠡᠭᠡ ᠶᠠᠪᠤᠳᠠᠯ ᠢ ᠪᠠᠯᠭᠠᠰᠤ ᠠᠴᠠ ᠭᠠᠷᠭᠠᠬᠤ ᠥᠬᠡᠶ᠂  ᠦᠢᠯᠡᠴᠢᠯᠡᠭᠡ ᠶᠢ ᠳᠡᠭᠡᠭᠰᠢ ᠲᠤᠰᠢᠶᠠᠬᠤ ᠥᠬᠡᠶ᠂ ᠥᠷᠭᠡᠨ ᠣᠯᠠᠨ ᠲᠣᠰᠬᠤᠨ ᠤ ᠠᠷᠠᠳ ᠲᠦᠮᠡᠨ ᠤ ᠠᠮᠤᠷ ᠲᠠᠶᠢᠪᠤᠩ ᠠᠵᠤ ᠲᠦᠷᠦᠭᠦ ᠳᠤ ᠠᠮᠤᠷ ᠲᠦᠪᠰᠢᠨ ᠲᠣᠭᠲᠠᠭᠤᠨ ᠨᠡᠶᠢᠭᠡᠮ ᠤᠨ ᠣᠷᠴᠢᠨ ᠨᠥᠬᠦᠴᠡᠯ ᠢ ᠪᠣᠶ ᠪᠣᠯᠭᠠᠵᠤ ᠥᠭᠭᠦᠨ᠎ᠡ᠃
 
ᠢᠷᠡᠯᠲᠡ᠄ ᠪᠠᠶ ᠮᠢᠶᠣᠣ ᠽᠢ ᠪᠠᠯᠭᠠᠰᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号