ᠲᠦᠮᠡᠳ ᠵᠡᠭᠦᠨ ᠬᠤᠰᠢᠭᠤᠨ ᠤ ᠵᠡᠮᠳᠡᠭᠴᠦᠳ ᠤᠨ ᠬᠤᠯᠪᠣᠭ᠎ᠠ ᠬᠥᠳᠡᠭᠡ ᠲᠣᠰᠬᠤᠨ ᠤ ᠵᠡᠮᠳᠡᠭᠴᠦᠳ ᠤᠨ ᠬᠡᠷᠡᠭᠯᠡᠭᠡᠨ ᠤ ᠮᠡᠷᠭᠡᠵᠢᠯ ᠤᠨ ᠪᠣᠯᠪᠠᠰᠤᠷᠠᠯ ᠥᠷᠨᠢᠭᠦᠯᠪᠡ
ᠨᠡᠶᠢᠲᠡᠯᠡᠭᠰᠡᠨ ᠴᠠᠭ᠄
2024/7/22
   ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠮᠵᠢ ᠶᠢ ᠪᠠᠬᠢᠵᠢᠭᠦᠯᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠶᠢ ᠴᠢᠩᠭᠠᠳᠬᠠᠵᠤ᠂ ᠵᠡᠮᠳᠡᠭᠴᠦᠳ ᠤᠨ ᠣᠷᠣᠰᠢᠨ ᠲᠣᠭᠲᠠᠨᠢᠬᠤ ᠤᠷ᠎ᠠ ᠴᠢᠳᠠᠪᠤᠷᠢ ᠪᠠ ᠬᠥᠳᠡᠯᠮᠦᠷᠢ ᠠᠵᠢᠯ ᠤᠯᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠵᠡᠮᠳᠡᠭᠴᠦᠳ ᠤᠨ ᠬᠡᠷ ᠪᠦᠯᠢ ᠶᠢᠨ ᠣᠷᠣᠯᠭ᠎ᠠ ᠶᠢ ᠨᠡᠮᠡᠭᠳᠡᠭᠦᠯᠵᠦ᠂ ᠬᠥᠳᠡᠭᠡ ᠲᠣᠰᠬᠤᠨ ᠤ ᠵᠡᠮᠳᠡᠭᠴᠦᠳ ᠤᠨ ᠠᠮᠢᠳᠤᠷᠠᠯ ᠤᠨ ᠬᠢᠷᠢ ᠲᠦᠪᠰᠢᠨ ᠢ ᠰᠠᠶᠢᠵᠢᠷᠠᠭᠤᠯᠬᠤ ᠶᠢᠨ ᠲᠥᠯᠥᠭᠡ᠂ 7 ᠰᠠᠷ᠎ᠠ ᠶᠢᠨ 17 ᠤ ᠡᠳᠦᠷ ᠠᠴᠠ ᠡᠬᠢᠯᠡᠨ᠂ ᠲᠦᠮᠡᠳ ᠵᠡᠭᠦᠨ ᠬᠤᠰᠢᠭᠤᠨ ᠤ ᠵᠡᠮᠳᠡᠭᠴᠦᠳ ᠤᠨ ᠬᠤᠯᠪᠣᠭ᠎ᠠ ᠶᠢᠨ ᠬᠢᠨ ᠬᠥᠳᠡᠭᠡ ᠲᠣᠰᠬᠤᠨ ᠤ ᠵᠡᠮᠳᠡᠭᠴᠦᠳ ᠤᠨ ᠬᠡᠷᠡᠭᠯᠡᠭᠡᠨ ᠤ ᠮᠡᠷᠭᠡᠵᠢᠯ ᠤᠨ ᠪᠣᠯᠪᠠᠰᠤᠷᠠᠭᠤᠯᠤᠯ ᠥᠷᠨᠢᠭᠦᠯᠵᠦ᠂ ᠲᠣᠰ ᠤᠳᠠᠭᠠᠨ ᠤ ᠪᠣᠯᠪᠠᠰᠤᠷᠠᠯ ᠤᠨ ᠠᠩᠭᠢ ᠳᠥᠷᠪᠡᠨ ᠡᠳᠦᠷ ᠤᠨ ᠬᠤᠭᠤᠴᠠᠭ᠎ᠠ ᠲᠠᠢ ᠶᠠᠪᠤᠭᠳᠠᠪᠠ᠃    ᠲᠣᠰ ᠤᠳᠠᠭᠠᠨ ᠤ ᠪᠣᠯᠪᠠᠰᠤᠷᠠᠭᠤᠯᠤᠯ ᠳᠤ ᠳᠠᠷᠢᠬᠤ ᠪᠠ ᠲᠡᠵᠢᠭᠡᠨ ᠦᠷᠡᠵᠢᠭᠦᠯᠬᠦ ᠮᠡᠷᠭᠡᠵᠢᠯ ᠢᠶᠠᠷ ᠭᠤᠤᠯ ᠬᠢᠴᠢᠶᠡᠯᠯᠡᠬᠦ ᠠᠭᠤᠯᠭ᠎ᠠ ᠪᠣᠯᠭᠠᠨ᠎ᠠ᠃ ᠪᠠᠭᠰᠢ ᠨᠠᠷ ᠬᠢᠴᠢᠶᠡᠯ ᠳᠡᠭᠡᠨ ᠠᠮᠤᠷᠬᠠᠨ ᠠᠴᠠ ᠬᠦᠴᠢᠷᠳᠡᠯᠲᠡᠢ᠂ ᠠᠪᠢᠶᠠᠰ ᠲᠤᠨᠢ ᠲᠣᠬᠢᠷᠠᠭᠤᠯᠤᠨ ᠵᠢᠭᠠᠬᠤ᠂ ᠲᠤᠬᠠᠢ ᠶᠢᠨ ᠲᠠᠯᠠᠪᠤᠷ ᠤᠨ ᠪᠣᠳᠠᠲᠤ ᠵᠢᠱᠢᠶ᠎ᠡ ᠶᠢᠨ ᠵᠠᠳᠠᠯᠤᠯᠲᠠ ᠬᠢᠬᠦ᠂ ᠬᠠᠷᠢᠯᠴᠠᠨ ᠦᠢᠯᠡᠳᠦᠯᠴᠡᠬᠦ ᠲᠤᠷᠰᠢᠯᠭ᠎ᠠ ᠰᠣᠯᠢᠯᠴᠠᠬᠤ ᠵᠡᠷᠭᠡ ᠤᠯᠠᠨ ᠵᠦᠢᠯ ᠤᠨ ᠬᠡᠯᠪᠡᠷᠢ ᠪᠠᠷ ᠵᠠᠩᠭᠢᠯᠠᠭ᠎ᠠ ᠶᠢᠨ ᠮᠡᠷᠭᠡᠵᠢᠯ ᠤᠨ ᠠᠷᠭ᠎ᠠ ᠪᠠᠷᠢᠯ ᠢ ᠲᠠᠶᠢᠯᠪᠤᠷᠢᠯᠠᠬᠤ ᠶᠢᠨ ᠬᠠᠮᠲᠤ ᠰᠤᠷᠤᠭᠴᠢᠳ ᠤᠨ ᠡᠳᠦᠷ ᠲᠤᠳᠤᠮ ᠤᠨ ᠬᠦᠴᠢᠷ ᠲᠦᠪᠡᠭᠲᠡᠢ ᠠᠰᠠᠭᠤᠳᠠᠯ ᠳᠤ ᠨᠠᠷᠢᠨ ᠬᠢᠨᠠᠮᠠᠭᠠᠢ ᠬᠠᠷᠢᠭᠤᠯᠲᠠ ᠥᠭᠴᠦ᠂ ᠰᠤᠷᠤᠭᠴᠢ ᠨᠢᠭᠡᠪᠦᠷᠢ ᠳᠤ ᠬᠡᠷᠡᠭᠯᠡᠭᠡᠨ ᠤ ᠤᠷ᠎ᠠ ᠴᠢᠳᠠᠪᠤᠷᠢ ᠶᠢ ᠡᠵᠡᠮᠰᠢᠭᠦᠯᠬᠦ ᠪᠠᠷ ᠴᠢᠷᠮᠠᠶᠢᠪᠠ᠃    ᠪᠣᠯᠪᠠᠰᠤᠷᠠᠭᠤᠯᠤᠯ ᠥᠷᠨᠢᠭᠦᠯᠬᠦ ᠪᠠᠷ ᠳᠠᠮᠵᠢᠭᠤᠯᠤᠨ᠂ ᠵᠡᠮᠳᠡᠭᠴᠦᠳ ᠤᠨ ᠳᠠᠷᠢᠵᠤ ᠲᠡᠵᠢᠭᠡᠨ ᠦᠷᠡᠵᠢᠭᠦᠯᠬᠦ ᠬᠡᠷᠡᠭᠯᠡᠭᠡᠨ ᠤ ᠮᠡᠷᠭᠡᠵᠢᠯ ᠤᠨ ᠮᠡᠳᠡᠯᠭᠡ ᠶᠢ ᠤᠯᠠᠮ ᠨᠢᠭᠡ ᠠᠯᠬᠤᠮ ᠪᠠᠶᠠᠯᠢᠭᠵᠢᠭᠤᠯᠵᠤ᠂ ᠲᠡᠳᠡᠨ ᠤ ᠦᠢᠯᠡᠳᠪᠦᠷᠢᠯᠡᠯ ᠬᠥᠳᠡᠯᠮᠦᠷᠢ ᠶᠢᠨ ᠤᠷ᠎ᠠ ᠴᠢᠳᠠᠪᠤᠷᠢ ᠶᠢ ᠳᠡᠭᠡᠭᠰᠢᠯᠡᠭᠦᠯᠦᠨ᠂ ᠲᠣᠰ ᠪᠡᠶ᠎ᠡ ᠶᠢᠨ ᠬᠥᠭᠵᠢᠯᠲᠡ ᠶᠢᠨ ᠴᠢᠳᠠᠪᠤᠷᠢ ᠶᠢ ᠳᠡᠭᠡᠭᠰᠢᠯᠡᠭᠦᠯᠪᠡ᠃ ᠲᠠᠷᠠᠭᠠᠴᠢ ᠶᠢᠨ ᠠᠯᠬᠤᠮ ᠳᠤ᠂ ᠲᠦᠮᠡᠳ ᠵᠡᠭᠦᠨ ᠬᠤᠰᠢᠭᠤᠨ ᠤ ᠵᠡᠮᠳᠡᠭᠴᠦᠳ ᠤᠨ ᠬᠤᠯᠪᠣᠭ᠎ᠠ ᠦᠷᠭᠦᠯᠵᠢᠯᠡᠨ ᠬᠡᠷᠡᠭᠯᠡᠭᠡᠨ ᠤ ᠮᠡᠷᠭᠡᠵᠢᠯ ᠤᠨ ᠪᠣᠯᠪᠠᠰᠤᠷᠠᠯ ᠤᠨ ᠠᠵᠢᠯᠯᠠᠭ᠎ᠠ ᠥᠷᠨᠢᠭᠦᠯᠬᠦ ᠪᠠᠷ ᠳᠠᠮᠵᠢᠭᠤᠯᠤᠨ᠂ ᠬᠥᠳᠡᠭᠡ ᠲᠣᠰᠬᠤᠨ ᠤ ᠵᠡᠮᠳᠡᠭᠴᠦᠳ ᠲᠤ ᠨᠠᠩ ᠣᠯᠠᠨ ᠬᠡᠷᠡᠭᠯᠡᠭᠡᠨ ᠤ ᠮᠡᠷᠭᠡᠵᠢᠯ ᠢ ᠡᠵᠡᠮᠰᠢᠭᠦᠯᠵᠦ᠂ ᠲᠡᠳᠡᠨ ᠢ ᠬᠠᠪᠰᠤᠷᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠢᠲᠡᠭᠡᠯ ᠵᠣᠷᠢᠭ ᠢ ᠨᠢ ᠪᠣᠶ ᠪᠣᠯᠭᠠᠵᠤ᠂ ᠡᠭᠦᠨ ᠤ ᠤᠯᠠᠮ ᠠᠴᠠ ᠠᠮᠢᠳᠤᠷᠠᠯ ᠤᠨ ᠪᠠᠶᠢᠳᠠᠯ ᠢᠶᠠᠨ ᠤᠯᠠᠮ ᠨᠢᠭᠡ ᠠᠯᠬᠤᠮ ᠰᠠᠶᠢᠵᠢᠷᠠᠭᠤᠯᠵᠤ᠂ ᠰᠠᠶᠢᠨ ᠰᠠᠶᠢᠬᠠᠨ ᠠᠮᠢᠳᠤᠷᠠᠯ ᠢ ᠪᠣᠶ ᠪᠣᠯᠭᠠᠨ᠎ᠠ᠃
 
ᠢᠷᠡᠯᠲᠡ᠄ ᠵᠡᠮᠳᠡᠭᠴᠦᠳ ᠤᠨ ᠬᠤᠯᠪᠣᠭ᠎ᠠ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号