ᠲᠦᠮᠡᠳ ᠵᠡᠭᠦᠨ ᠬᠤᠰᠢᠭᠤ 2024 ᠣᠨ ᠤ ᠵᠣᠨ ᠤ ᠠᠮᠠᠷᠠᠯᠲᠠ ᠶᠢᠨ ᠬᠤᠭᠤᠴᠠᠭᠠᠨ ᠤ ᠤᠶᠤᠲᠠᠳ ᠤᠨ ᠨᠡᠶᠢᠭᠡᠮ ᠤᠨ ᠦᠢᠯᠡᠳᠦᠯᠭᠡ ᠶᠢᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2024/7/22
  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠤᠮᠳᠠ ᠣᠷᠳᠣ ᠬᠤᠭᠤᠴᠠᠭᠠᠨ ᠤ ᠵᠠᠯᠠᠭᠤᠴᠤᠳ ᠤᠨ ᠬᠥᠭᠵᠢᠯᠲᠡ ᠶᠢᠨ ᠲᠥᠯᠥᠪᠵᠢᠭᠦᠯᠭᠡ ᠶᠢ ᠪᠦᠲᠦᠮᠵᠢᠲᠡᠶ ᠨᠠᠶᠢᠳᠠᠪᠤᠷᠢᠵᠢᠭᠤᠯᠵᠤ᠂ ᠵᠠᠯᠠᠭᠤ ᠰᠤᠷᠤᠭᠴᠢᠳ ᠢ ᠤᠯᠠᠮ ᠨᠢᠭᠡ ᠠᠯᠬᠤᠮ ᠳᠠᠶᠢᠴᠢᠯᠠᠨ ᠳᠠᠭᠠᠭᠤᠯᠵᠤ ᠦᠨᠳᠦᠰᠦᠨ ᠱᠠᠲᠤᠨ ᠤ ᠪᠥᠲᠥᠭᠡᠨ ᠪᠠᠶᠢᠭᠤᠯᠤᠯᠲᠠ ᠳᠤ ᠣᠷᠣᠯᠴᠠᠬᠤ᠂ ᠨᠤᠲᠤᠭ ᠤᠰᠤᠨ ᠤ ᠪᠠᠨ ᠬᠥᠭᠵᠢᠯᠲᠡ ᠳᠤ ᠦᠢᠯᠡᠴᠢᠯᠡᠬᠦ ᠳᠤᠮᠳᠠ ᠢᠲᠡᠭᠡᠯ ᠵᠣᠷᠢᠭ ᠢᠶᠠᠨ ᠪᠠᠲᠤᠳᠬᠠᠵᠤ᠂ ᠡᠷᠳᠡᠮ ᠴᠢᠳᠠᠪᠤᠷᠢ ᠪᠠᠨ ᠨᠡᠮᠡᠭᠳᠡᠭᠦᠯᠦᠨ᠂ ᠬᠤᠪᠢ ᠨᠡᠮᠡᠷᠢ ᠦᠵᠡᠭᠦᠯᠵᠦ᠂ ᠰᠢᠨ᠎ᠡ ᠴᠠᠭ ᠦᠶ᠎ᠡ ᠶᠢᠨ ᠵᠠᠯᠠᠭᠤᠴᠤᠳ ᠤᠨ ᠴᠤᠭ ᠵᠢᠪᠬᠤᠭ᠎ᠠ ᠶᠢ ᠢᠯᠡᠷᠡᠭᠦᠯᠬᠦ ᠶᠢᠨ ᠲᠥᠯᠥᠭᠡ᠂ 7 ᠰᠠᠷ᠎ᠠ ᠶᠢᠨ 19 ᠤ ᠡᠳᠦᠷ᠂ ᠲᠦᠮᠡᠳ ᠵᠡᠭᠦᠨ ᠬᠤᠰᠢᠭᠤᠨ ᠤ ᠵᠣᠨ ᠤ ᠠᠮᠠᠷᠠᠯᠲᠠ ᠶᠢᠨ ᠬᠤᠭᠤᠴᠠᠭᠠᠨ ᠤ ᠤᠶᠤᠲᠠᠳ ᠤᠨ ᠨᠡᠶᠢᠭᠡᠮ ᠤᠨ ᠦᠢᠯᠡᠳᠦᠯᠭᠡ ᠶᠢᠨ ᠡᠬᠢᠯᠡᠯᠲᠡ ᠶᠢᠨ ᠶᠣᠰᠣᠯᠠᠯ ᠢ ᠶᠠᠪᠤᠭᠳᠠᠭᠤᠯᠪᠠ᠃    ᠶᠣᠰᠣᠯᠠᠯ ᠳᠡᠭᠡᠷ᠎ᠡ᠂ ᠡᠪᠯᠡᠯ ᠤᠨ ᠬᠤᠰᠢᠭᠤᠨ ᠤ ᠨᠠᠮ ᠤᠨ ᠬᠤᠷᠢᠶᠠᠨ ᠤ ᠬᠠᠮᠢᠶ᠎ᠠ ᠪᠥᠬᠦᠶ ᠬᠠᠷᠢᠭᠤᠴᠠᠯᠭᠠᠲᠠᠨ ᠦᠢᠯᠡᠳᠦᠯᠬᠡ ᠶᠢᠨ ᠠᠵᠢᠯᠯᠠᠭ᠎ᠠ ᠥᠷᠨᠢᠭᠦᠯᠦᠭᠰᠡᠨ ᠬᠠᠮᠢᠶ᠎ᠠ ᠪᠥᠬᠦᠶ ᠪᠠᠶᠢᠳᠠᠯ ᠢ ᠲᠠᠨᠢᠯᠴᠠᠭᠤᠯᠵᠤ᠂ ︽ᠨᠤᠲᠤᠭ ᠲᠠᠭᠠᠨ ᠪᠤᠴᠠᠬᠤ︾ ᠤᠶᠤᠲᠠᠳ ᠤᠨ ᠲᠥᠯᠥᠭᠡᠯᠡᠭᠴᠢ ᠵᠢᠴᠢ ᠦᠢᠯᠡᠳᠦᠯᠬᠡ ᠶᠢᠨ ᠨᠢᠭᠡᠴᠡ ᠶᠢᠨ ᠲᠥᠯᠥᠭᠡᠯᠡᠭᠴᠢ ᠣᠪᠣᠷ ᠢᠶᠠᠨ ᠢᠯᠡᠳᠬᠡᠬᠦ ᠦᠭᠡ ᠬᠡᠯᠡᠪᠡ᠃ ᠡᠬᠢᠯᠡᠯᠲᠡ ᠶᠢᠨ ᠶᠣᠰᠣᠯᠠᠯ ᠳᠤ ᠪᠠᠰᠠ ᠲᠦᠮᠡᠳ ᠵᠡᠭᠦᠨ ᠬᠤᠰᠢᠭᠤᠨ ᠤ 2024 ᠣᠨ ᠤ ᠤᠶᠤᠲᠠᠳ ᠤᠨ ︽ᠨᠤᠲᠤᠭ ᠲᠠᠭᠠᠨ ᠪᠤᠴᠠᠬᠤ︾ ᠲᠦᠷ ᠴᠠᠭ ᠤᠨ ᠡᠪᠯᠡᠯ ᠤᠨ ᠡᠭᠦᠷ ᠲᠤ ᠲᠤᠭ ᠣᠯᠭᠤᠬᠤ ᠶᠣᠰᠣᠯᠠᠯ ᠶᠠᠪᠤᠭᠤᠯᠵᠤ᠂ ︽ᠨᠤᠲᠤᠭ ᠲᠠᠭᠠᠨ ᠪᠤᠴᠠᠬᠤ︾ ᠤᠶᠤᠲᠠᠳ ᠡᠪᠯᠡᠯ ᠳᠤ ᠣᠷᠣᠬᠤ ᠲᠠᠩᠭᠠᠷᠢᠭ ᠢᠶᠠᠨ ᠳᠠᠬᠢᠨ ᠡᠷᠭᠢᠴᠡᠭᠦᠯᠪᠡ᠃ ᠶᠣᠰᠣᠯᠠᠯ ᠤᠨ ᠡᠴᠦᠰ ᠲᠤ᠂ ᠡᠯ᠎ᠡ ᠦᠢᠯᠡᠳᠦᠯᠭᠡ ᠶᠢᠨ ᠨᠢᠭᠡᠴᠡ ᠤᠶᠤᠲᠠᠳ ᠲᠠᠢ ᠵᠣᠨ ᠤ ᠠᠮᠠᠷᠠᠯᠲᠠ ᠶᠢᠨ ᠬᠤᠭᠤᠴᠠᠭᠠᠨ ᠤ ᠨᠡᠶᠢᠭᠡᠮ ᠤᠨ ᠦᠢᠯᠡᠳᠦᠯᠭᠡ ᠶᠢᠨ ᠬᠡᠯᠡᠯᠴᠡᠭᠡᠷ ᠪᠠ ᠠᠮᠠᠯᠠᠯᠲᠠ ᠶᠢᠨ ᠪᠢᠴᠢᠭ ᠲᠣᠭᠲᠠᠪᠠ᠃    ᠨᠤᠲᠤᠭ ᠲᠠᠭᠠᠨ ᠪᠤᠴᠠᠭᠰᠠᠨ ᠤᠶᠤᠲᠠᠳ ᠤᠨ ᠨᠤᠲᠤᠭ ᠤᠰᠤᠨ ᠤ ᠪᠠᠨ ᠲᠤᠬᠠᠶ ᠣᠶᠢᠯᠠᠭᠠᠯᠲᠠ ᠶᠢ ᠤᠯᠠᠮ ᠨᠢᠭᠡ ᠠᠯᠬᠤᠮ ᠨᠡᠮᠡᠭᠳᠡᠭᠦᠯᠵᠦ᠂ ᠣᠯᠠᠨ ᠤ ᠨᠤᠲᠤᠭ ᠤᠰᠤᠨ ᠳᠠᠭᠠᠨ ᠬᠤᠪᠢ ᠨᠡᠮᠡᠷᠢ ᠦᠵᠡᠭᠦᠯᠬᠦ ᠡᠭᠦᠷᠭᠡᠲᠦ ᠰᠡᠳᠬᠢᠯᠭᠡ ᠶᠢ ᠨᠡᠮᠡᠭᠳᠡᠭᠦᠯᠬᠦ ᠶᠢᠨ ᠲᠥᠯᠥᠭᠡ᠂ ᠡᠪ ᠬᠠᠮᠲᠤ ᠵᠠᠯᠠᠭᠤᠴᠤᠳ ᠤᠨ ᠡᠪᠯᠡᠯ ᠤᠨ ᠬᠤᠰᠢᠭᠤ ᠨᠠᠮ ᠤᠨ ᠬᠤᠷᠢᠶ᠎ᠠ ᠪᠠᠰᠠ ᠨᠤᠲᠤᠭ ᠲᠠᠭᠠᠨ ᠪᠤᠴᠠᠭᠰᠠᠨ ᠤᠶᠤᠲᠠᠳ ᠢ ᠵᠣᠬᠢᠶᠠᠨ ᠪᠠᠶᠢᠭᠤᠯᠤᠨ ᠢᠯᠢ ᠣᠶᠤᠨᠴᠢ ᠡᠷᠡᠭᠦᠯ ᠮᠡᠨᠳᠦ ᠶᠢᠨ ᠬᠥᠨᠳᠡᠶ ᠪᠣᠯᠤᠨ ᠠᠯᠲᠠᠨ ᠦᠵᠦᠮ ᠤᠨ ᠬᠦᠷᠢᠶᠡᠯᠡᠩ ᠢᠶᠠᠷ ᠲᠣᠭᠤᠷᠢᠨ ᠦᠵᠡᠭᠦᠯᠪᠡ᠃    ᠲᠣᠰ ᠤᠳᠠᠭᠠᠨ ᠤ ︽ᠨᠤᠲᠤᠭ ᠲᠠᠭᠠᠨ ᠪᠤᠴᠠᠬᠤ︾ ᠨᠡᠶᠢᠭᠡᠮ ᠤᠨ ᠦᠢᠯᠡᠳᠦᠯᠬᠡ ᠶᠢᠨ ᠠᠵᠢᠯᠯᠠᠭ᠎ᠠ ᠨᠢ ᠨᠤᠲᠤᠭ ᠲᠠᠭᠠᠨ ᠪᠤᠴᠠᠭᠰᠠᠨ ᠤᠶᠤᠲᠠᠳ ᠢ ᠬᠥᠮᠦᠵᠢᠭᠦᠯᠬᠦ ᠶᠢᠨ ᠲᠥᠯᠥᠭᠡ ᠶᠤᠮ᠃ ᠰᠤᠷᠭᠠᠭᠤᠯᠢ ᠡᠷᠭᠢᠯᠡᠬᠦ ᠤᠶᠤᠲᠠᠳ ᠢ ᠬᠥᠮᠦᠵᠢᠭᠦᠯᠵᠦ᠂ ᠦᠢᠯᠡᠳᠦᠯᠭᠡ ᠶᠢᠨ ᠳᠤᠮᠳᠠ ᠮᠡᠳᠡᠯᠭᠡ ᠪᠠᠨ ᠨᠡᠮᠡᠭᠳᠡᠭᠦᠯᠵᠦ᠂ ᠵᠠᠩ ᠴᠢᠨᠠᠷ ᠢᠶᠠᠨ ᠳᠠᠪᠲᠠᠨ ᠪᠣᠯᠪᠠᠰᠤᠷᠠᠭᠤᠯᠵᠤ᠂ ᠴᠢᠳᠠᠪᠤᠷᠢ ᠪᠠᠨ ᠳᠡᠭᠡᠭᠰᠢᠯᠡᠭᠦᠯᠵᠦ᠂ ᠲᠦᠮᠡᠳ ᠵᠡᠭᠦᠨ ᠬᠤᠰᠢᠭᠤᠨ ᠤ ᠬᠥᠭᠵᠢᠯᠲᠡ ᠶᠢᠨ ᠭᠡᠷᠡᠴᠢᠯᠡᠭᠴᠢ᠂ ᠣᠷᠣᠯᠴᠠᠭᠴᠢ᠂ ᠬᠤᠪᠢ ᠨᠡᠮᠡᠷᠢ ᠦᠵᠡᠭᠦᠯᠦᠭᠴᠢ ᠪᠣᠯᠬᠤ ᠪᠠᠷ ᠴᠢᠷᠮᠠᠶᠢᠬᠤ ᠶᠢᠨ ᠲᠥᠯᠥᠭᠡ ᠪᠤᠯᠤᠨ᠎ᠠ᠃ ᠴᠢᠩᠭ᠎ᠠ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠷ᠂ ᠨᠤᠲᠤᠭ ᠤᠰᠤ ᠲᠠᠨᠢᠯᠴᠠᠭᠤᠯᠬᠤ ᠠᠵᠢᠯ ᠢ ᠰᠠᠶᠢᠲᠤᠷ ᠬᠢᠵᠦ᠂ ᠠᠮᠢᠵᠢᠷᠠᠯ ᠤᠨ ᠬᠦᠴᠦᠨ ᠲᠠᠢ ᠲᠦᠮᠡᠳ ᠵᠡᠭᠦᠨ ᠬᠤᠰᠢᠭᠤ᠂ ᠲᠦᠮᠡᠳ ᠵᠡᠭᠦᠨ ᠬᠤᠰᠢᠭᠤᠨ ᠤ ᠥᠯᠢᠭᠡᠷ ᠢ ᠰᠠᠶᠢᠲᠤᠷ ᠶᠠᠷᠢᠵᠤ᠂ ᠲᠦᠮᠡᠳ ᠵᠡᠭᠦᠨ ᠬᠤᠰᠢᠭᠤᠨ ᠤ ᠲᠠᠭᠤᠨ ᠢ ᠳᠠᠮᠵᠢᠭᠤᠯᠤᠨ᠎ᠠ᠃
 
ᠢᠷᠡᠯᠲᠡ᠄ ᠡᠪᠯᠡᠯ ᠤᠨ ᠬᠤᠰᠢᠭᠤᠨ ᠤ ᠨᠠᠮ ᠤᠨ ᠬᠤᠷᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号