ᠲᠦᠮᠡᠳ ᠵᠡᠭᠦᠨ ᠬᠤᠰᠢᠭᠤᠨ ᠤ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠪᠥᠬᠦ ᠬᠤᠰᠢᠭᠤᠨ ᠤ ᠡᠯ᠎ᠡ ᠰᠢᠶᠠᠩ ᠪᠠᠯᠭᠠᠰᠤ᠂ ᠲᠥᠪ ᠲᠤ ᠬᠦᠷᠴᠦ ᠲᠤᠰᠬᠠᠶ ᠱᠠᠯᠠᠪᠳᠠᠭᠤᠯᠤᠨ ᠪᠠᠶᠢᠴᠠᠭᠠᠯᠲᠠ ᠬᠢᠪᠠ
ᠨᠡᠶᠢᠲᠡᠯᠡᠭᠰᠡᠨ ᠴᠠᠭ᠄
2024/7/22
 ᠪᠥᠬᠦ ᠬᠤᠰᠢᠭᠤᠨ ᠤ ᠨᠡᠶᠢᠭᠡᠮ ᠤᠨ ᠣᠷᠴᠢᠨ ᠲᠣᠭᠤᠷᠢᠨ ᠤ ᠠᠮᠤᠷ ᠲᠦᠪᠰᠢᠨ ᠲᠣᠭᠲᠠᠭᠤᠨ ᠢ ᠪᠠᠲᠤᠯᠠᠬᠤ ᠶᠢᠨ ᠲᠥᠯᠥᠭᠡ᠂ ᠣᠶᠢᠷ᠎ᠠ ᠳᠤ᠂ ᠬᠤᠰᠢᠭᠤᠨ ᠤ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠲᠤᠰᠬᠠᠶ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠵᠣᠬᠢᠶᠠᠨ ᠪᠠᠶᠢᠭᠤᠯᠵᠤ᠂ ᠪᠥᠬᠦ ᠬᠤᠰᠢᠭᠤᠨ ᠤ ᠡᠯ᠎ᠡ ᠰᠢᠶᠠᠩ ᠪᠠᠯᠭᠠᠰᠤ᠂ ᠲᠥᠪ ᠲᠤ ᠬᠦᠷᠴᠦ ᠲᠤᠰᠬᠠᠶ ᠱᠠᠯᠠᠪᠳᠠᠭᠤᠯᠤᠨ ᠪᠠᠶᠢᠴᠠᠭᠠᠬᠤ ᠠᠵᠢᠯ ᠥᠷᠨᠢᠭᠦᠯᠪᠡ᠃    ᠲᠣᠰ ᠤᠳᠠᠭᠠᠨ ᠤ ᠱᠠᠯᠠᠪᠳᠠᠭᠤᠯᠤᠨ ᠪᠠᠶᠢᠴᠠᠭᠠᠯᠲᠠ ᠳᠤ ᠭᠤᠤᠯᠳᠠᠭᠤ ᠠᠮᠢᠨ ᠬᠡᠷᠡᠭ ᠢ ᠰᠡᠷᠭᠡᠶᠢᠯᠡᠨ ᠡᠵᠡᠮᠳᠡᠬᠦ᠂ ᠦᠨᠳᠦᠰᠦᠨ ᠱᠠᠲᠤᠨ ᠤ ᠵᠠᠰᠠᠯᠲᠠ᠂ ᠵᠠᠬᠢᠳᠠᠯ ᠰᠤᠷᠪᠤᠯᠵᠢᠯᠠᠭ᠎ᠠ ᠪᠠᠷ ᠲᠣᠭᠲᠠᠭᠤᠨ ᠢ ᠬᠠᠮᠠᠭᠠᠯᠠᠬᠤ ᠵᠢᠴᠢ 2024 ᠣᠨ ᠤ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠭᠤᠤᠯᠳᠠᠯᠭ᠎ᠠ ᠶᠢᠨ ᠲᠣᠭᠤᠷᠢᠨ ᠳᠤ ᠥᠷᠨᠢᠭᠦᠯᠪᠡ᠃ ᠲᠤᠬᠠᠶ ᠶᠢᠨ ᠭᠠᠵᠠᠷ ᠲᠤᠨᠢ ᠱᠠᠯᠠᠪᠳᠠᠭᠤᠯᠤᠨ ᠪᠠᠶᠢᠴᠠᠭᠠᠬᠤ᠂ ᠲᠠᠩᠰᠠ ᠡᠪᠬᠡᠮᠡᠯ ᠤᠨ ᠮᠠᠲ᠋ᠧᠷᠢᠶᠠᠯ ᠢ ᠪᠠᠶᠢᠴᠠᠭᠠᠨ ᠦᠵᠡᠬᠦ ᠪᠠ ᠶᠠᠷᠢᠯᠴᠠᠨ ᠰᠣᠯᠢᠯᠴᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠱᠠᠯᠠᠪᠳᠠᠭᠤᠯᠤᠨ ᠪᠠᠶᠢᠴᠠᠭᠠᠪᠠ᠃    ᠱᠠᠯᠠᠪᠳᠠᠭᠤᠯᠤᠨ ᠪᠠᠶᠢᠴᠠᠭᠠᠬᠤ ᠳᠤᠮᠳᠠ᠂ ᠡᠯ᠎ᠡ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠢᠯᠡᠷᠡᠭᠦᠯᠦᠭᠰᠡᠨ ᠠᠰᠠᠭᠤᠳᠠᠯ ᠢᠶᠠᠨ ᠴᠠᠭ ᠲᠤᠬᠠᠢ ᠳᠤᠨᠢ ᠱᠠᠯᠠᠪᠳᠠᠭᠤᠯᠤᠨ ᠪᠠᠶᠢᠴᠠᠭᠠᠬᠤ ᠭᠠᠵᠠᠷ ᠣᠷᠣᠨ ᠳᠤ ᠬᠠᠷᠢᠭᠤ ᠲᠤᠰᠬᠠᠵᠤ᠂ ᠴᠡᠭᠴᠡᠯᠡᠨ ᠰᠠᠶᠢᠵᠢᠷᠠᠭᠤᠯᠬᠤ ᠠᠵᠢᠯ ᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠱᠠᠭᠠᠷᠳᠠᠪᠠ᠃ ᠲᠣᠰ ᠤᠳᠠᠭᠠᠨ ᠤ ᠱᠠᠯᠠᠪᠳᠠᠭᠤᠯᠤᠨ ᠪᠠᠶᠢᠴᠠᠭᠠᠯᠲᠠ ᠪᠠᠷ ᠳᠠᠮᠵᠢᠭᠤᠯᠤᠨ ᠠᠵᠢᠯ ᠤᠨ ᠳᠠᠷᠤᠯᠲᠠ ᠶᠢ ᠤᠯᠠᠮ ᠨᠢᠭᠡ ᠠᠯᠬᠤᠮ ᠳᠠᠮᠵᠢᠭᠤᠯᠵᠤ᠂ ᠰᠢᠮᠳᠠᠭᠤᠯᠤᠨ ᠪᠠᠶᠢᠴᠠᠭᠠᠭᠳᠠᠬᠤ ᠨᠢᠭᠡᠴᠡ ᠶᠢᠨ ᠠᠵᠢᠯ ᠤᠨ ᠬᠠᠷᠢᠭᠤᠴᠠᠯᠭ᠎ᠠ ᠶᠢ ᠦᠷᠭᠦᠯᠵᠢᠯᠡᠨ ᠪᠣᠳᠠᠲᠠᠶᠢᠵᠢᠭᠤᠯᠵᠤ᠂ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠦᠨ᠂ ᠠᠯᠳᠠᠭᠳᠠᠯ ᠢ ᠴᠠᠭ ᠲᠤᠬᠠᠶ ᠳᠤᠨᠢ ᠪᠠᠶᠢᠴᠠᠭᠠᠨ ᠨᠥᠬᠦᠪᠥᠷᠢᠯᠡᠵᠦ᠂ ᠡᠯ᠎ᠡ ᠵᠦᠢᠯ ᠤᠨ ᠠᠵᠢᠯ ᠢ ᠬᠢᠨᠠᠮᠠᠭᠠᠶ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠬᠡᠷᠡᠭᠲᠡᠶ᠃
 
ᠢᠷᠡᠯᠲᠡ᠄ ᠲᠦᠮᠡᠳ ᠵᠡᠭᠦᠨ ᠬᠤᠰᠢᠭᠤᠨ ᠤ ᠬᠠᠮ ᠵᠠᠭᠤᠴᠢᠯᠠᠭᠤᠷ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号