ᠡᠨᠡ ᠵᠢᠯ ᠠᠴᠠ ᠨᠠᠰᠢ᠂ ᠲᠦᠮᠡᠳ ᠵᠡᠭᠦᠨ ᠬᠤᠰᠢᠭᠤ ᠴᠢᠨᠠᠷ ᠰᠠᠶᠢᠲᠠᠶ ᠬᠥᠭᠵᠢᠯᠲᠡ ᠶᠢᠨ ᠬᠠᠷᠠᠯᠲᠠ ᠶᠢ | ᠲᠣᠭᠲᠠᠭᠠᠵᠤ᠂ ᠠᠵᠤ ᠠᠬᠤᠶ ᠶᠢ ᠰᠡᠷᠭᠦᠭᠡᠬᠦ ᠴᠣᠩᠬᠤᠪᠴᠢ ᠶᠢᠨ ᠬᠤᠭᠤᠴᠠᠭ᠎ᠠ ᠶᠢ ᠲᠦᠷᠭᠡᠨ ᠠᠳᠬᠤᠵᠤ᠂ ᠪᠥᠬᠦ | ᠬᠦᠴᠦᠨ ᠢᠶᠠᠷ ᠢᠶᠠᠨ ᠨᠡᠮᠡᠭᠳᠡᠯ ᠢ ᠲᠣᠭᠲᠠᠪᠤᠷᠢᠵᠢᠭᠤᠯᠵᠤ᠂ ᠢᠲᠡᠭᠡᠯ ᠵᠣᠷᠢᠭ ᠢᠶᠠᠨ ᠪᠠᠲᠤᠳᠬᠠᠨ᠂ ᠬᠥᠭᠵᠢᠯᠲᠡ ᠶᠢ | ᠠᠬᠢᠭᠤᠯᠪᠠ᠃ 1 - 5 ᠰᠠᠷ᠎ᠠ ᠳᠤ᠂ ᠪᠦᠬᠦ ᠬᠤᠰᠢᠭᠤᠨ ᠤ ᠠᠵᠤ ᠠᠬᠤᠢ ᠶᠢᠨ ᠠᠵᠢᠯᠯᠠᠭᠠᠨ ᠦᠨᠳᠦᠰᠦᠨ ᠳᠤ ᠪᠠᠨ | ᠲᠣᠭᠲᠠᠭᠤᠨ ᠪᠠᠶᠢᠨ᠎ᠠ᠃ | ᠨᠢᠭᠡ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ | 1 - 5 ᠰᠠᠷ᠎ᠠ ᠳᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ | ᠨᠡᠮᠡᠭᠳᠡᠯ ᠤᠨ ᠬᠤᠷᠳᠤᠴᠠ ᠠᠳᠠᠯᠢ ᠬᠤᠭᠤᠴᠠᠭᠠᠨ ᠤ ᠬᠢ ᠠᠴᠠ 7.9% ᠪᠠᠷ ᠨᠡᠮᠡᠭᠳᠡᠵᠦ᠂ ᠨᠡᠮᠡᠭᠳᠡᠯ ᠤᠨ | ᠬᠤᠷᠳᠤᠴᠠ ᠨᠢ ᠪᠥᠬᠦ ᠬᠤᠲᠠ ᠳᠤ ᠨᠠᠢᠮᠠᠳᠤᠭᠠᠷ ᠲᠤ ᠣᠷᠣᠵᠤ᠂ ᠪᠥᠬᠦ ᠬᠤᠲᠠ ᠶᠢᠨ 1.6 ᠵᠠᠭᠤᠨ ᠤ ᠬᠤᠪᠢ ᠶᠢᠨ | ᠴᠡᠭ ᠢᠶᠠᠷ ᠳᠤᠷᠤᠭᠰᠢᠯᠠᠪᠠ᠃ | ᠠᠵᠤ ᠦᠢᠯᠡᠰ ᠢᠶᠠᠷ ᠬᠤᠪᠢᠶᠠᠪᠠᠯ᠂ ᠰᠦ ᠶᠢᠨ ᠦᠢᠯᠡᠰ ᠢᠶᠠᠷ ᠭᠤᠤᠯ ᠪᠣᠯᠭᠠᠭᠰᠠᠨ ᠪᠣᠬᠢᠷᠲᠤᠯ ᠥᠬᠡᠶ ᠢᠳᠡᠭᠡᠨ | ᠡᠳ᠋ᠰᠢᠭᠦᠯᠬᠦ ᠠᠵᠤ ᠦᠢᠯᠡᠰ ᠤᠨ ᠦᠢᠯᠡᠳᠬᠦᠨ ᠤ ᠥᠷᠲᠡᠭ ᠠᠳᠠᠯᠢ ᠬᠤᠭᠤᠴᠠᠭᠠᠨ ᠤ ᠬᠢ ᠠᠴᠠ 5.8% ᠪᠠᠷ | ᠨᠡᠮᠡᠭᠳᠡᠵᠦ᠂ ᠦᠢᠯᠡᠳᠬᠦᠨ ᠤ ᠥᠷᠲᠡᠭ ᠤᠨ ᠨᠡᠮᠡᠭᠳᠡᠯ ᠤᠨ ᠬᠤᠷᠳᠤᠴᠠ 3.3 ᠵᠠᠭᠤᠨ ᠤ ᠬᠤᠪᠢ ᠴᠡᠭ ᠳᠡᠭᠡᠭᠰᠢᠯᠡᠪᠡ᠃ | ᠰᠢᠨ᠎ᠡ ᠡᠨᠧᠷᠭᠢ ᠶᠢᠨ ᠰᠢᠨ᠎ᠡ ᠮᠠᠲ᠋ᠧᠷᠢᠶᠠᠯ ᠵᠢᠴᠢ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ | ᠦᠢᠯᠡᠳᠬᠦᠨ ᠤ ᠥᠷᠲᠡᠭ ᠠᠳᠠᠯᠢ ᠬᠤᠭᠤᠴᠠᠭᠠᠨ ᠤ ᠬᠢ ᠠᠴᠠ 17.0% ᠪᠠᠷ ᠪᠠᠭᠤᠷᠠᠵᠤ᠂ ᠦᠢᠯᠡᠳᠬᠦᠨ ᠤ | ᠥᠷᠲᠡᠭ ᠤᠨ ᠨᠡᠮᠡᠭᠳᠡᠯ ᠤᠨ ᠬᠤᠷᠳᠤᠴᠠ 5.7 ᠵᠠᠭᠤᠨ ᠤ ᠬᠤᠪᠢ ᠴᠡᠭ ᠳᠤᠷᠤᠭᠰᠢᠯᠠᠪᠠ᠃ ᠪᠤᠰᠤᠳ ᠠᠵᠤ | ᠦᠢᠯᠡᠰ ᠤᠨ ᠦᠢᠯᠡᠳᠬᠦᠨ ᠤ ᠥᠷᠲᠡᠭ ᠠᠳᠠᠯᠢ ᠬᠤᠭᠤᠴᠠᠭᠠᠨ ᠤ ᠬᠢ ᠠᠴᠠ 8.1% ᠪᠠᠷ ᠪᠠᠭᠤᠷᠠᠵᠤ᠂ | ᠦᠢᠯᠡᠳᠬᠦᠨ ᠤ ᠥᠷᠲᠡᠭ ᠤᠨ ᠨᠡᠮᠡᠭᠳᠡᠯ ᠤᠨ ᠬᠤᠷᠳᠤᠴᠠ 0.8 ᠵᠠᠭᠤᠨ ᠤ ᠬᠤᠪᠢ ᠴᠡᠭ ᠳᠡᠭᠡᠭᠰᠢᠯᠡᠪᠡ᠃ | ᠠᠵᠢᠯ ᠲᠥᠷᠥᠯ ᠢᠶᠠᠷ ᠬᠤᠪᠢᠶᠠᠪᠠᠯ᠂ ᠦᠢᠯᠡᠳᠬᠦ ᠦᠢᠯᠡᠰ ᠤᠨ ᠠᠵᠤ ᠠᠬᠤᠶᠢᠯᠠᠯ ᠤᠨ ᠦᠢᠯᠡᠳᠬᠦᠨ ᠤ | ᠥᠷᠲᠡᠭ ᠠᠳᠠᠯᠢ ᠬᠤᠭᠤᠴᠠᠭᠠᠨ ᠤ ᠬᠢ ᠠᠴᠠ 7.4% ᠪᠠᠷ ᠪᠠᠭᠤᠷᠠᠵᠤ᠂ ᠦᠢᠯᠡᠳᠬᠦᠨ ᠤ ᠥᠷᠲᠡᠭ ᠤᠨ | ᠨᠡᠮᠡᠭᠳᠡᠯ ᠤᠨ ᠬᠤᠷᠳᠤᠴᠠ 6.4 ᠵᠠᠭᠤᠨ ᠤ ᠬᠤᠪᠢ ᠴᠡᠭ ᠨᠡᠮᠡᠭᠳᠡᠪᠡ᠃ ᠴᠠᠬᠢᠯᠭᠠᠨ ᠬᠦᠴᠦᠨ ᠂ ᠢᠯᠴᠢ ᠶᠢᠨ | ᠬᠦᠴᠦᠨ᠂ ᠰᠢᠲᠠᠮᠠᠬᠠᠶ ᠬᠡᠶ ᠵᠢᠴᠢ ᠤᠰᠤᠨ ᠤ ᠦᠶ᠋ᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ | ᠦᠢᠯᠡᠳᠬᠦᠨ ᠤ ᠥᠷᠲᠡᠭ ᠠᠳᠠᠯᠢ ᠬᠤᠭᠤᠴᠠᠭᠠᠨ ᠤ ᠬᠢ ᠠᠴᠠ 24.8% ᠪᠠᠷ ᠨᠡᠮᠡᠭᠳᠡᠵᠦ᠂ ᠦᠢᠯᠡᠳᠬᠦᠨ ᠤ | ᠥᠷᠲᠡᠭ ᠤᠨ ᠨᠡᠮᠡᠭᠳᠡᠯ ᠤᠨ ᠬᠤᠷᠳᠤᠴᠠ 3.2 ᠵᠠᠭᠤᠨ ᠤ ᠨᠢᠭᠡᠴᠢ ᠳᠡᠭᠡᠭᠰᠢᠯᠡᠪᠡ᠃ | ᠬᠤᠶᠠᠷ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ | 1 - 5 ᠰᠠᠷ᠎ᠠ ᠳᠤ᠂ ᠪᠥᠬᠦ ᠬᠤᠰᠢᠭᠤᠨ ᠤ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠠᠳᠠᠯᠢ | ᠬᠤᠭᠤᠴᠠᠭᠠᠨ ᠤ ᠬᠢ ᠠᠴᠠ 8.6 % ᠪᠠᠷ ᠨᠡᠮᠡᠭᠳᠡᠪᠡ᠃ | ᠠᠵᠤ ᠦᠢᠯᠡᠰ ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠢᠯᠡᠰ ᠤᠨ ᠪᠡᠶᠡᠯᠡᠭᠦᠯᠦᠭᠰᠡᠨ ᠪᠡᠯᠡ | ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 27.5% ᠪᠠᠷ ᠪᠠᠭᠤᠷᠠᠵᠤ᠂ 10.1% ᠶᠢ ᠡᠵᠡᠯᠡᠵᠦ᠂ | ᠬᠤᠶᠠᠳᠤᠭᠠᠷ ᠠᠵᠤ ᠦᠢᠯᠡᠰ ᠤᠨ ᠪᠡᠶᠡᠯᠡᠭᠦᠯᠦᠭᠰᠡᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 10. | 1% ᠪᠠᠷ ᠪᠠᠭᠤᠷᠠᠵᠤ᠂ 43.6% ᠶᠢ ᠡᠵᠡᠯᠡᠵᠦ᠂ ᠭᠤᠷᠪᠠᠳᠤᠭᠠᠷ ᠠᠵᠤ ᠦᠢᠯᠡᠰ ᠤᠨ ᠪᠡᠶᠡᠯᠡᠭᠦᠯᠦᠭᠰᠡᠨ ᠪᠡᠯᠡ | ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 56.0% ᠪᠠᠷ ᠨᠡᠮᠡᠭᠳᠡᠵᠦ᠂ 46.3% ᠶᠢ ᠡᠵᠡᠯᠡᠵᠡᠢ᠃ | ᠬᠤᠶᠠᠳᠤᠭᠠᠷ᠂ ᠭᠤᠷᠪᠠᠳᠤᠭᠠᠷ ᠠᠵᠤ ᠦᠢᠯᠡᠰ ᠤᠨ ᠪᠥᠬᠦ ᠬᠤᠰᠢᠭᠤᠨ ᠤ ᠪᠠᠯᠠ ᠣᠷᠣᠭᠤᠯᠤᠯᠲᠠ ᠳᠤ ᠢᠯᠡᠳᠲᠡ | ᠬᠤᠪᠢ ᠨᠡᠮᠡᠷᠢ ᠦᠵᠡᠭᠦᠯᠪᠡ᠃ | ᠪᠡᠯᠡ ᠣᠷᠣᠭᠤᠯᠤᠯᠲᠠ ᠶᠢᠨ ᠪᠦᠷᠢᠯᠳᠦᠯ ᠠᠴᠠ ᠦᠵᠡᠪᠡᠯ᠂ ᠪᠠᠷᠢᠯᠭ᠎ᠠ ᠶᠢᠨ ᠪᠡᠯᠡ ᠣᠷᠣᠭᠤᠯᠤᠯᠲᠠ ᠠᠳᠠᠯᠢ | ᠬᠤᠭᠤᠴᠠᠭᠠᠨ ᠤ ᠬᠢ ᠠᠴᠠ 7.5% ᠪᠠᠷ ᠪᠠᠭᠤᠷᠠᠵᠤ᠂ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ | 25.8% ᠪᠠᠷ ᠨᠡᠮᠡᠭᠳᠡᠵᠦ᠂ ᠲᠥᠬᠦᠭᠡᠷᠦᠮᠵᠢ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 1. | 2% ᠢᠶᠠᠷ ᠨᠡᠮᠡᠭᠳᠡᠵᠦ᠂ ᠪᠤᠰᠤᠳ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 33.3% ᠪᠠᠷ | ᠨᠡᠮᠡᠭᠳᠡᠪᠡ᠃ ᠭᠡᠷ ᠪᠠᠶᠢᠰᠢᠩ ᠭᠠᠵᠠᠷ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ | 134.0% ᠨᠡᠮᠡᠭᠳᠡᠪᠡ᠃ ᠭᠡᠷ ᠪᠠᠶᠢᠰᠢᠩ ᠭᠠᠵᠠᠷ ᠬᠥᠷᠥᠩᠭᠡ ᠶᠢᠨ ᠪᠣᠷᠣᠯᠠᠭᠤᠯᠭ᠎ᠠ ᠶᠢᠨ ᠲᠠᠯᠠᠪᠠᠢ 74664 ᠲᠡᠭᠰᠢ | ᠳᠥᠷᠪᠡᠯᠵᠢᠨ ᠮᠧᠲᠷ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 109.5% ᠨᠡᠮᠡᠭᠳᠡᠪᠡ᠃ | ᠭᠤᠷᠪᠠ᠂ ᠠᠷᠠᠯᠵᠢᠶ᠎ᠠ ᠶᠢᠨ ᠦᠢᠯᠡᠰ | 1 - 5 ᠰᠠᠷ᠎ᠠ ᠳᠤ᠂ ᠪᠥᠬᠦ ᠬᠤᠰᠢᠭᠤᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ | ᠪᠥᠬᠦ ᠲᠤᠭ᠎ᠠ 19.1 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.8% ᠪᠠᠷ | ᠨᠡᠮᠡᠭᠳᠡᠪᠡ ᠃ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠳᠤ ᠳᠥᠷᠪᠡᠳᠦᠭᠡᠷ ᠲᠤ ᠣᠷᠣᠵᠤ᠂ ᠪᠥᠬᠦ ᠬᠤᠲᠠ ᠶᠢᠨ | 1.3 ᠵᠠᠭᠤᠨ ᠤ ᠬᠤᠪᠢ ᠶᠢᠨ ᠴᠡᠭ ᠥᠨᠳᠥᠷ ᠪᠣᠯᠪᠠ᠃ | ᠬᠤᠲᠠ ᠬᠥᠳᠡᠭᠡ ᠶᠢᠨ ᠵᠠᠬ᠎ᠠ ᠳᠡᠯᠭᠡᠭᠦᠷ ᠤᠨ ᠬᠤᠪᠢᠶᠠᠷᠢᠯᠠᠯ ᠢᠶᠠᠷ᠂ ᠬᠤᠲᠠ ᠪᠠᠯᠭᠠᠰᠤ ᠶᠢᠨ ᠬᠡᠷᠡᠭᠯᠡᠭᠡᠨ ᠤ | ᠬᠡᠷᠡᠭᠰᠡᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ ᠨᠢ ᠪᠠᠷᠤᠭ 16.2 ᠳ᠋ᠦᠩᠰᠢᠭᠤᠷ ᠲᠥᠭᠦᠷᠢᠭ ᠪᠠᠶᠢᠵᠤ᠂ | ᠬᠥᠳᠡᠭᠡ ᠲᠣᠰᠬᠤᠨ ᠤ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ ᠨᠢ ᠪᠠᠷᠤᠭ 2.9 | ᠳ᠋ᠦᠩᠰᠢᠭᠤᠷ ᠲᠥᠭᠦᠷᠢᠭ ᠪᠣᠯᠤᠨ᠎ᠠ᠃ ᠲᠠᠸᠠᠷ ᠤᠨ ᠬᠡᠯᠪᠡᠷᠢ ᠪᠠᠶᠢᠳᠠᠯ ᠢᠶᠠᠷ ᠬᠤᠪᠢᠶᠠᠷᠢᠯᠠᠪᠠᠯ᠂ ᠲᠠᠸᠠᠷ ᠤᠨ ᠵᠢᠵᠢᠭᠯᠡᠨ | ᠬᠤᠳᠠᠯᠳᠤᠭᠰᠠᠨ ᠶᠡᠷᠦᠩᠬᠡᠶ ᠲᠤᠭ᠎ᠠ ᠪᠠᠷᠤᠭ 17.4 ᠳ᠋ᠦᠩᠰᠢᠭᠤᠷ ᠲᠥᠭᠦᠷᠢᠭ ᠲᠤ ᠬᠦᠷᠴᠦ᠂ ᠢᠳᠡᠭᠡᠨ | ᠤᠮᠳᠠᠭᠠᠨ ᠤ ᠣᠷᠣᠯᠭ᠎ᠠ ᠪᠠᠷᠤᠭ 1.7 ᠳ᠋ᠦᠩᠰᠢᠭᠤᠷ ᠲᠥᠭᠦᠷᠢᠭ ᠲᠤ ᠬᠦᠷᠴᠡᠶ᠃ | ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠠᠵᠤ ᠠᠬᠤᠶᠢᠯᠠᠯ ᠤᠨ ᠵᠢᠵᠢᠭᠯᠡᠨ ᠬᠤᠳᠠᠯᠳᠤᠭᠰᠠᠨ ᠲᠤᠭ᠎ᠠ | 89279.6 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 59.8% ᠪᠠᠷ ᠨᠡᠮᠡᠭᠳᠡᠪᠡ᠃ | ᠡᠭᠦᠨ ᠳᠤ ᠠᠮᠤ ᠪᠤᠳᠠᠭ᠎ᠠ ᠲᠣᠰᠣ ᠢᠳᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ | ᠬᠤᠭᠤᠴᠠᠭᠠᠨ ᠤ ᠬᠢ ᠠᠴᠠ 29.2% ᠢᠶᠠᠷ ᠨᠡᠮᠡᠭᠳᠡᠵᠦ᠂ ᠮᠠᠰᠢᠨ ᠲᠡᠷᠭᠡᠨ ᠤ ᠵᠢᠵᠢᠭᠯᠡᠨ ᠬᠤᠳᠠᠯᠳᠤᠭᠰᠠᠨ ᠲᠤᠭ᠎ᠠ | ᠠᠳᠠᠯᠢ ᠬᠤᠭᠤᠴᠠᠭᠠᠨ ᠤ ᠬᠢ ᠠᠴᠠ 147.2% ᠢᠶᠠᠷ ᠨᠡᠮᠡᠭᠳᠡᠵᠦ᠂ ᠧᠦ᠋ᠷᠣᠫᠠ ᠡᠮ ᠤᠨ ᠵᠢᠵᠢᠭᠯᠡᠨ | ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 359.0% ᠢᠶᠠᠷ ᠨᠡᠮᠡᠭᠳᠡᠪᠡ᠃ ᠢᠳᠡᠭᠡᠨ | ᠤᠮᠳᠠᠭᠠᠨ ᠤ ᠦᠢᠯᠡᠰ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 4.4% ᠪᠠᠷ | ᠪᠠᠭᠤᠷᠠᠪᠠ᠃ ᠴᠢᠯᠠᠭᠤᠨ ᠲᠣᠰᠣ ᠵᠢᠴᠢ ᠪᠦᠲᠦᠭᠡᠭᠳᠡᠬᠦᠨ ᠤ ᠲᠥᠷᠥᠯ ᠤᠨ ᠲᠠᠸᠠᠷ ᠤᠨ ᠵᠢᠵᠢᠭᠯᠡᠨ ᠬᠤᠳᠠᠯᠳᠤᠭᠰᠠᠨ | ᠲᠤᠭ᠎ᠠ ᠠᠳᠠᠯᠢ ᠬᠤᠭᠤᠴᠠᠭᠠᠨ ᠤ ᠬᠢ ᠠᠴᠠ 32.1% ᠪᠠᠷ ᠪᠠᠭᠤᠷᠠᠪᠠ᠃ ᠪᠤᠰᠤᠳ ᠠᠮᠢᠳᠤᠷᠠᠯ ᠤᠨ ᠡᠳᠦᠷ | ᠲᠤᠲᠤᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 3. | 5% ᠪᠠᠷ ᠪᠠᠭᠤᠷᠠᠪᠠ᠃ |