ᠲᠦᠮᠡᠳ ᠵᠡᠭᠦᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ 7 ᠰᠠᠷ᠎ᠠ ᠳᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠠᠮᠤᠭ ᠳᠣᠣᠷᠠᠲᠣ ᠠᠮᠢᠳᠤᠷᠠᠯ ᠤᠨ ᠪᠠᠲᠤᠯᠠᠭ᠎ᠠ ᠶᠢᠨ ᠪᠡᠯᠡ ᠮᠥᠩᠭᠦ ᠶᠢ 1628.06 ᠲᠦᠮᠡᠨ ᠲᠥᠭᠦᠷᠢᠭ ᠪᠠᠭᠤᠯᠭᠠᠪᠠ᠃
ᠨᠡᠶᠢᠲᠡᠯᠡᠭᠰᠡᠨ ᠴᠠᠭ᠄
2024/7/22
    ᠲᠦᠮᠡᠳ ᠵᠡᠭᠦᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠯᠠ ᠮᠥᠩᠭᠦ ᠶᠢ ᠰᠠᠯᠭᠠᠨ ᠥᠭᠴᠦ ᠳᠤᠮᠳᠠ ᠠᠴᠠ ᠨᠢ ᠦᠯᠡᠳᠡᠭᠡᠬᠦ᠂ ᠨᠡᠭᠦᠯᠭᠡᠨ ᠬᠡᠷᠡᠭᠯᠡᠬᠦ᠂ ᠰᠠᠭᠤᠯᠭᠠᠨ ᠠᠪᠴᠤ ᠪᠣᠯᠬᠤ ᠥᠬᠡᠶ ᠵᠠᠷᠴᠢᠮ ᠢ ᠪᠠᠷᠢᠮᠲᠠᠯᠠᠨ᠂ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠯᠠ ᠮᠥᠩᠭᠦ ᠶᠢ ᠰᠠᠯᠭᠠᠨ ᠥᠭᠬᠦ ᠲᠥᠷᠥ ᠶᠢᠨ ᠪᠣᠳᠣᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠪᠠ᠃ ᠰᠠᠯᠭᠠᠨ ᠥᠭᠬᠦ ᠶᠠᠪᠤᠴᠠ ᠳᠤ᠂ ᠠᠵᠢᠯᠲᠠᠳ ᠢ ᠨᠠᠷᠢᠨ ᠬᠢᠨᠠᠮᠠᠭᠠᠶ ᠬᠠᠷᠢᠭᠤᠴᠠᠵᠤ᠂ ᠴᠠᠭ ᠲᠤᠬᠠᠶ ᠳᠤᠨᠢ ᠰᠠᠯᠭᠠᠨ ᠥᠭᠬᠦ ᠶᠢ ᠱᠠᠭᠠᠷᠳᠠᠵᠤ᠂ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠯᠠ ᠮᠥᠩᠭᠦ ᠰᠠᠯᠭᠠᠨ ᠥᠭᠬᠦ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠪᠠᠯᠠ ᠮᠥᠩᠭᠦ ᠰᠠᠯᠭᠠᠨ ᠥᠭᠴᠦ᠂ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠯᠠ ᠮᠥᠩᠭᠦ ᠶᠢ ᠴᠠᠭ ᠲᠤᠬᠠᠶ ᠳᠤᠨᠢ ᠲᠤᠭ᠎ᠠ ᠶᠣᠰᠣᠭᠠᠷ ᠰᠠᠯᠭᠠᠨ ᠥᠭᠴᠦ ᠪᠣᠳᠠᠲᠠᠶᠢᠵᠢᠭᠤᠯᠬᠤ ᠶᠢ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃    2024 ᠣᠨ ᠤ 7 ᠰᠠᠷ᠎ᠠ ᠳᠤ ᠬᠤᠳᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠨᠥᠬᠦᠪᠥᠷᠢ ᠮᠥᠩᠭᠦ ᠶᠢ 1628.06 ᠲᠦᠮᠡᠨ ᠲᠥᠭᠦᠷᠢᠭ ᠪᠠᠭᠤᠯᠭᠠᠪᠠ᠃ ᠡᠭᠦᠨ ᠳᠤ᠂ ᠬᠤᠲᠠ ᠶᠢᠨ ᠰᠠᠭᠤᠭᠠᠯᠢ ᠠᠷᠠᠳ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠨᠥᠬᠦᠪᠥᠷᠢ ᠶᠢ 31.95 ᠲᠦᠮᠡᠨ ᠲᠥᠭᠦᠷᠢᠭ᠂ ᠬᠥᠳᠡᠭᠡ ᠲᠣᠰᠬᠤᠨ ᠤ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠨᠥᠬᠦᠪᠥᠷᠢ ᠶᠢ 1596.11 ᠲᠦᠮᠡᠨ ᠲᠥᠭᠦᠷᠢᠭ ᠰᠠᠯᠭᠠᠨ ᠥᠭᠴᠦ᠂ ᠣᠷᠣᠯᠭ᠎ᠠ ᠪᠠᠭᠠᠲᠠᠶ ᠬᠥᠮᠦᠰ ᠤᠨ ᠦᠨᠳᠦᠰᠦᠨ ᠠᠮᠢᠳᠤᠷᠠᠯ ᠢ ᠦᠨᠡᠨ ᠬᠦ ᠪᠠᠲᠤᠯᠠᠪᠠ᠃
 
ᠢᠷᠡᠯᠲᠡ᠄ ᠲᠦᠮᠡᠳ ᠵᠡᠬᠦᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号