ᠪᠢᠴᠢᠭᠡᠴᠢ ᠪᠠᠯᠭᠠᠰᠤ ᠲᠦᠮᠡᠳ ᠵᠡᠭᠦᠨ ᠬᠤᠰᠢᠭᠤᠨ ᠤ ᠭᠤᠤᠯᠳᠠᠯᠭ᠎ᠠ ᠲᠠᠢ ᠬᠠᠮᠲᠤᠯᠢᠭ ᠪᠠ ᠨᠡᠶᠢᠭᠡᠮ ᠤᠨ ᠵᠥᠷᠢᠴᠡᠯ ᠢ ᠤᠶᠢᠯᠠᠭᠠᠨ ᠪᠠᠶᠢᠴᠠᠭᠠᠵᠤ ᠠᠷᠢᠯᠭᠠᠬᠤ ᠲᠤᠰᠬᠠᠶ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/23
    ᠨᠠᠮ ᠤᠨ ᠲᠥᠪ ᠬᠤᠷᠢᠶᠠᠨ ᠤ ᠤᠳᠤᠷᠢᠳᠬᠤ ᠨᠥᠬᠦᠳ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠵᠢᠴᠢ ᠬᠤᠰᠢᠭᠤᠨ ᠤ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠵᠤ᠂ ᠬᠤᠪᠢ ᠬᠥᠮᠦᠨ ᠤ ᠬᠡᠲᠦᠷᠡᠮᠡᠬᠡᠢ ᠬᠡᠷᠡᠭ ᠡᠭᠦᠰᠬᠦ ᠶᠢ ᠡᠷᠡᠰ ᠬᠤᠷᠢᠭᠯᠠᠬᠤ ᠶᠢᠨ ᠲᠥᠯᠥᠭᠡ᠂ 2024 ᠣᠨ ᠤ 7 ᠰᠠᠷ᠎ᠠ ᠶᠢᠨ 22 ᠤᠨ ᠡᠳᠦᠷ ᠤᠨ ᠦᠳᠡ ᠶᠢᠨ ᠡᠮᠦᠨ᠎ᠡ᠂ ᠪᠢᠴᠢᠭᠡᠴᠢ ᠪᠠᠯᠭᠠᠰᠤ ᠲᠦᠮᠡᠳ ᠵᠡᠭᠦᠨ ᠬᠤᠰᠢᠭᠤᠨ ᠤ ᠭᠤᠤᠯᠳᠠᠯᠭ᠎ᠠ ᠲᠠᠢ ᠬᠥᠮᠦᠰ ᠪᠠ ᠨᠡᠶᠢᠭᠡᠮ ᠤᠨ ᠵᠥᠷᠢᠴᠡᠯ ᠢ ᠤᠶᠢᠯᠠᠭᠠᠨ ᠪᠠᠶᠢᠴᠠᠭᠠᠵᠤ ᠠᠷᠢᠯᠭᠠᠬᠤ ᠲᠤᠰᠬᠠᠶ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠶ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠤᠳᠤᠷᠢᠳᠬᠤ ᠪᠠᠭ ᠤᠨ ᠭᠡᠰᠢᠭᠦᠨ᠂ ᠪᠥᠬᠦ ᠪᠠᠯᠭᠠᠰᠤᠨ ᠤ ᠺᠠᠳ᠋ᠷ᠂ ᠡᠯ᠎ᠡ ᠲᠣᠰᠬᠤᠨ ᠤ ᠨᠠᠮ ᠤᠨ ᠡᠭᠦᠷ ᠤᠨ ᠱᠦᠵᠢ ᠬᠤᠷᠠᠯ ᠳᠤ ᠣᠷᠣᠯᠴᠠᠵᠠᠶ᠃    ᠬᠤᠷᠠᠯ ᠳᠡᠭᠡᠷ᠎ᠡ᠂ ᠨᠠᠮ ᠤᠨ ᠬᠤᠷᠢᠶᠠᠨ ᠤ ᠭᠡᠰᠢᠭᠦᠨ ᠵᠣᠣ ᠭᠦᠸᠧ ᠳ᠋ᠦᠩ ᠨᠥᠬᠦᠷ ᠪᠥᠬᠦ ᠤᠳᠤᠷᠢᠳᠬᠤ ᠺᠠᠳ᠋ᠷᠴᠤᠳ ᠲᠤ ︽︿ᠲᠦᠮᠡᠳ ᠵᠡᠭᠦᠨ ᠬᠤᠰᠢᠭᠤᠨ ᠤ ᠭᠤᠤᠯᠳᠠᠯᠭ᠎ᠠ ᠲᠠᠢ ᠬᠠᠮᠲᠤᠯᠢᠭ ᠪᠠ ᠨᠡᠶᠢᠭᠡᠮ ᠤᠨ ᠵᠥᠷᠢᠴᠡᠯ ᠢ ᠤᠶᠢᠯᠠᠭᠠᠨ ᠪᠠᠶᠢᠴᠠᠭᠠᠵᠤ ᠠᠷᠢᠯᠭᠠᠬᠤ ᠲᠤᠰᠬᠠᠶ ᠠᠵᠢᠯ ᠤᠨ ᠡᠭᠦᠷᠭᠡ ᠶᠢᠨ ᠬᠤᠪᠢᠶᠠᠷᠢᠯᠠᠯ ᠤᠨ ᠲᠥᠰᠦᠯ﹀ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠬᠤ ᠶᠢᠨ ᠬᠠᠮᠲᠤ ᠠᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠦ᠂ ᠡᠯ᠎ᠡ ᠲᠣᠰᠬᠤᠨ ᠢ ᠤᠶᠢᠯᠠᠭᠠᠨ ᠪᠠᠶᠢᠴᠠᠭᠠᠵᠤ ᠰᠤᠳᠤᠯᠤᠨ ᠮᠠᠭᠠᠳᠯᠠᠬᠤ᠂ ᠠᠷᠢᠯᠭᠠᠨ ᠴᠡᠭᠴᠡᠯᠡᠨ ᠵᠠᠰᠠᠬᠤ᠂ ᠲᠦᠷᠢᠮ ᠲᠣᠭᠲᠠᠭᠠᠯ ᠲᠣᠭᠲᠠᠭᠠᠬᠤ ᠠᠵᠢᠯ ᠢ ᠵᠡᠷᠭᠡ ᠪᠠᠷ ᠠᠬᠢᠭᠤᠯᠵᠤ᠂ ᠡᠷᠡᠭᠦᠦ ᠶᠢᠨ ᠬᠤᠭᠤᠴᠠᠭ᠎ᠠ ᠨᠢ ᠳᠠᠭᠤᠰᠴᠤ ᠰᠤᠯᠠᠯᠠᠭᠳᠠᠭᠰᠠᠨ ᠬᠥᠮᠦᠰ᠂ ᠬᠦᠨᠳᠦ ᠨᠣᠴᠢᠲᠠᠶ ᠣᠶᠤᠨ ᠮᠡᠳᠡᠷᠡᠯ ᠤᠨ ᠰᠠᠭᠠᠳ ᠲᠠᠢ ᠡᠪᠡᠳᠴᠢᠲᠡᠨ᠂ ︽ᠭᠤᠷᠪᠠ ᠶᠢ ᠠᠯᠳᠠᠵᠤ ᠨᠢᠭᠡ ᠶᠢ ᠬᠡᠯᠪᠠᠶᠢᠬᠦ︾ ᠬᠥᠮᠦᠰ ︵ᠠᠮᠢᠳᠤᠷᠠᠯ ᠳᠤ ᠪᠠᠨ ᠰᠠᠨᠠᠭ᠎ᠠ ᠬᠦᠷᠬᠦ ᠦᠭᠡᠢ᠂ ᠰᠡᠳᠬᠢᠴᠡ ᠶᠢᠨ ᠪᠠᠶᠢᠳᠠᠯ ᠲᠤᠭᠲᠠᠴᠠ ᠪᠠᠨ ᠠᠯᠳᠠᠭᠰᠠᠨ᠂ ᠦᠢᠯᠡ ᠠᠵᠢᠯᠯᠠᠭ᠎ᠠ ᠶᠢᠨ ᠬᠡᠪ ᠤᠨ ᠪᠠᠶᠢᠳᠠᠯ ᠢᠶᠠᠨ ᠠᠯᠳᠠᠭᠰᠠᠨ᠂ ᠵᠠᠩ ᠴᠢᠨᠠᠷ ᠤᠨ ᠲᠠᠯ᠎ᠠ ᠪᠠᠷ ᠭᠠᠵᠢᠭᠤᠳᠠᠭᠰᠠᠨ︶ ᠵᠡᠷᠭᠡ ᠭᠤᠤᠯᠳᠠᠯᠭ᠎ᠠ ᠲᠠᠢ ᠬᠠᠮᠲᠤᠯᠢᠭ ᠤᠨ ᠮᠡᠳᠡᠭᠡ ᠵᠠᠩᠭᠢ ᠶᠢ ᠤᠶᠢᠯᠠᠭᠠᠨ ᠵᠢᠭᠰᠠᠭᠠᠵᠤ᠂ ᠬᠤᠪᠢ ᠬᠥᠮᠦᠨ ᠤ ᠬᠡᠲᠦᠷᠡᠮᠡᠬᠡᠢ ᠬᠡᠷᠡᠭ ᠡᠭᠦᠰᠬᠡᠬᠦ ᠵᠥᠷᠢᠴᠡᠯ ᠵᠢᠭᠤᠷᠠᠯᠳᠤᠭᠠᠨ ᠤ ᠰᠦᠪᠡᠭᠴᠢ ᠶᠢ ᠡᠵᠡᠮᠰᠢᠬᠦ ᠶᠢᠨ ᠬᠠᠮᠲᠤ ᠴᠠᠭ ᠲᠤᠬᠠᠶ ᠳᠤᠨᠢ ᠠᠷᠢᠯᠭᠠᠵᠤ᠂ ᠴᠢᠬᠤᠯᠠ ᠶᠡᠭᠡ ᠵᠦᠢᠯᠡᠰ ᠤᠨ ᠲᠤᠬᠠᠶ ᠵᠢᠭᠠᠪᠤᠷᠢ ᠠᠪᠴᠤ ᠮᠡᠳᠡᠭᠦᠯᠬᠦ᠂ ᠬᠠᠷᠢᠭᠤ ᠠᠪᠴᠤ ᠬᠠᠷᠢᠭᠤᠴᠠᠯᠭ᠎ᠠ ᠨᠡᠬᠡᠮᠵᠢᠯᠡᠬᠦ ᠵᠡᠷᠭᠡ ᠲᠦᠷᠢᠮ ᠢ ᠪᠦᠷᠢᠨᠰᠢᠭᠦᠯᠦᠨ ᠲᠡᠭᠦᠯᠳᠡᠷᠵᠢᠭᠦᠯᠬᠦ ᠬᠡᠷᠡᠭᠲᠡᠶ ᠭᠡᠵᠦ ᠱᠠᠭᠠᠷᠳᠠᠪᠠ᠃    ᠲᠠᠷᠠᠭᠠᠴᠢ ᠶᠢᠨ ᠠᠯᠬᠤᠮ ᠳᠤ᠂ ᠪᠢᠴᠢᠭᠡᠴᠢ ᠪᠠᠯᠭᠠᠰᠤ ᠪᠠᠶᠢᠴᠠᠭᠠᠨ ᠮᠠᠭᠠᠳᠯᠠᠬᠤ᠂ ᠨᠠᠮᠳᠠᠭᠤᠯᠵᠤ ᠴᠡᠭᠴᠡᠯᠡᠨ ᠵᠠᠰᠠᠬᠤ᠂ ᠲᠦᠷᠢᠮ ᠲᠣᠭᠲᠠᠭᠠᠯ ᠲᠣᠭᠲᠠᠭᠠᠬᠤ ᠭᠤᠷᠪᠠᠨ ᠶᠡᠭᠡ ᠭᠤᠤᠯᠳᠠᠯᠭ᠎ᠠ ᠲᠠᠢ ᠡᠭᠦᠷᠭᠡ ᠶᠢᠨ ᠲᠣᠭᠤᠷᠢᠨ ᠳᠤ᠂ ᠡᠷᠡᠭᠦᠦ ᠶᠢᠨ ᠬᠤᠭᠤᠴᠠᠭ᠎ᠠ ᠨᠢ ᠳᠦᠭᠦᠷᠴᠦ ᠰᠤᠯᠠᠯᠠᠭᠰᠠᠨ᠂ ᠬᠦᠨᠳᠦ ᠨᠣᠴᠢᠲᠠᠶ ᠣᠶᠤᠨ ᠮᠡᠳᠡᠷᠡᠯ ᠤᠨ ᠰᠠᠭᠠᠳ ᠲᠠᠢ ᠡᠪᠡᠳᠴᠢᠲᠡᠨ ︵ᠨᠢᠭᠡᠨᠲᠡ ᠠᠯᠪᠠᠳᠠᠨ ᠡᠮᠨᠡᠭᠦᠯᠬᠦ ᠲᠣᠭᠲᠠᠭᠠᠯ ᠭᠠᠷᠭᠠᠭᠰᠠᠨ ᠪᠣᠯᠪᠠᠴᠤ ᠵᠢᠭᠰᠠᠭᠠᠭᠰᠠᠨ ᠥᠬᠡᠶ ᠬᠠᠮᠢᠶᠠᠷᠤᠭᠴᠢ ᠪᠠᠭᠲᠠᠨ᠎ᠠ︶᠂ ︽ᠭᠤᠷᠪᠠ ᠶᠢ ᠠᠯᠳᠠᠵᠤ ᠨᠢᠭᠡ ᠶᠢ ᠬᠡᠯᠪᠠᠶᠢᠬᠦ︾ ᠬᠥᠮᠦᠰ ᠵᠡᠷᠭᠡ ᠭᠤᠷᠪᠠᠨ ᠲᠥᠷᠥᠯ ᠤᠨ ᠭᠤᠤᠯᠳᠠᠯᠭ᠎ᠠ ᠲᠠᠢ ᠬᠠᠮᠲᠤᠯᠢᠭ ᠢ ᠪᠠᠶᠢᠴᠠᠭᠠᠨ ᠵᠢᠭᠰᠠᠭᠠᠬᠤ᠂ ᠵᠢᠭᠰᠠᠭᠠᠨ ᠬᠠᠮᠢᠶᠠᠷᠬᠤ᠂ ᠭᠥᠯᠢᠶᠡᠨ ᠠᠪᠴᠤ ᠵᠠᠰᠠᠬᠤ᠂ ᠬᠠᠮᠢᠶᠠᠷᠤᠨ ᠡᠵᠡᠮᠳᠡᠬᠦ᠂ ᠨᠠᠮᠳᠠᠭᠤᠯᠬᠤ᠂ ᠬᠠᠪᠰᠤᠷᠤᠨ ᠲᠡᠳᠬᠦᠬᠦ ᠵᠡᠷᠭᠡ ᠠᠵᠢᠯ ᠢ ᠰᠠᠶᠢᠲᠤᠷ ᠬᠢᠵᠦ᠂ ᠤᠷᠢᠳᠴᠢᠯᠠᠨ ᠵᠢᠱᠢᠵᠦ ᠤᠷᠢᠳᠴᠢᠯᠠᠨ ᠰᠡᠷᠡᠮᠵᠢᠯᠡᠭᠦᠯᠵᠦ ᠤᠷᠢᠳᠴᠢᠯᠠᠨ ᠰᠡᠷᠭᠡᠶᠢᠯᠡᠬᠦ ᠡᠯ᠎ᠡ ᠲᠥᠷᠥᠯ ᠤᠨ ᠠᠶᠤᠯ ᠲᠦᠭᠰᠢᠭᠦᠷᠢ ᠶᠢ ᠪᠠᠲᠤᠯᠠᠬᠤ ᠴᠢᠳᠠᠪᠤᠷᠢ ᠶᠢ ᠳᠡᠭᠡᠭᠰᠢᠯᠡᠭᠦᠯᠵᠦ᠂ ᠡᠯ᠎ᠡ ᠵᠦᠢᠯ ᠤᠨ ᠠᠵᠢᠯ ᠢ ᠬᠦᠴᠦᠲᠡᠶ ᠪᠥᠭᠡᠳ ᠡᠮᠬᠢ ᠵᠢᠷᠤᠮ ᠲᠠᠢ ᠥᠷᠨᠢᠭᠦᠯᠦᠨ᠎ᠡ᠃
 
ᠢᠷᠡᠯᠲᠡ᠄ ᠪᠢᠴᠢᠭᠡᠴᠢ ᠪᠠᠯᠭᠠᠰᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号