ᠥᠪᠥᠷ ᠮᠣᠩᠭᠤᠯ ᠤᠨ ᠤᠯᠠᠭᠠᠨ ᠨᠠᠷᠠ ᠨᠡᠶᠢᠲᠡ ᠶᠢᠨ ᠠᠰᠠᠷᠠᠮᠵᠢ ᠶᠢᠨ ᠰᠠᠭᠤᠷᠢ ᠮᠥᠩᠭᠦᠨ ᠤ ᠨᠡᠶᠢᠭᠡᠮᠯᠢᠭ ᠠᠴᠠ ᠲᠦᠮᠡᠳ ᠵᠡᠭᠦᠨ ᠬᠤᠰᠢᠭᠤᠨ ᠤ ᠰᠤᠷᠭᠠᠨ ᠬᠥᠮᠦᠵᠢᠯ ᠤᠨ ᠬᠥᠭᠵᠢᠯᠲᠡ ᠶᠢᠨ ᠰᠠᠭᠤᠷᠢ ᠮᠥᠩᠭᠦᠨ ᠤ ᠨᠡᠶᠢᠭᠡᠮᠯᠢᠭ ᠲᠤ 30 ᠲᠦᠮᠡᠨ ᠲᠥᠭᠦᠷᠢᠭ ᠬᠠᠨᠳᠢᠪᠯᠠᠪᠠ
ᠨᠡᠶᠢᠲᠡᠯᠡᠭᠰᠡᠨ ᠴᠠᠭ᠄
2024/7/23
  7 ᠰᠠᠷ᠎ᠠ ᠶᠢᠨ 22 ᠤᠨ ᠡᠳᠦᠷ᠂ ᠥᠪᠥᠷ ᠮᠣᠩᠭᠤᠯ ᠤᠨ ᠤᠯᠠᠭᠠᠨ ᠨᠠᠷᠠ ᠨᠡᠶᠢᠲᠡ ᠶᠢᠨ ᠠᠰᠠᠷᠠᠮᠵᠢ ᠶᠢᠨ ᠰᠠᠭᠤᠷᠢ ᠮᠥᠩᠭᠦᠨ ᠤ ᠨᠡᠶᠢᠭᠡᠮᠯᠢᠭ ᠠᠴᠠ ᠲᠦᠮᠡᠳ ᠵᠡᠭᠦᠨ ᠬᠤᠰᠢᠭᠤᠨ ᠤ ᠰᠤᠷᠭᠠᠨ ᠬᠥᠮᠦᠵᠢᠯ ᠤᠨ ᠬᠥᠭᠵᠢᠯᠲᠡ ᠶᠢᠨ ᠰᠠᠭᠤᠷᠢ ᠮᠥᠩᠭᠦᠨ ᠤ ᠨᠡᠶᠢᠭᠡᠮᠯᠢᠭ ᠲᠤ 30 ᠲᠦᠮᠡᠨ ᠲᠥᠭᠦᠷᠢᠭ ᠬᠠᠨᠳᠢᠪᠯᠠᠬᠤ ᠶᠣᠰᠣᠯᠠᠯ ᠵᠢᠴᠢ ᠤᠯᠠᠭᠠᠨ ᠨᠠᠷᠠ ᠨᠡᠶᠢᠲᠡ ᠶᠢᠨ ᠠᠰᠠᠷᠠᠮᠵᠢ ᠶᠢᠨ ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠲᠠᠷᠬᠠᠭᠠᠬᠤ ᠶᠣᠰᠣᠯᠠᠯ ᠲᠦᠮᠡᠳ ᠵᠡᠭᠦᠨ ᠬᠤᠰᠢᠭᠤᠨ ᠤ ᠵᠢᠨᠱᠠᠨ ᠰᠤᠷᠭᠠᠭᠤᠯᠢ ᠳᠤ ᠶᠠᠪᠤᠭᠳᠠᠪᠠ᠃ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠ ᠲᠤᠰᠠᠯᠠᠮᠵᠢ ᠬᠦᠷᠲᠡᠭᠰᠡᠨ ᠰᠤᠷᠤᠭᠴᠢ ᠵᠢᠴᠢ ᠭᠡᠷ ᠤᠨ ᠠᠬᠠᠮᠠᠳ ᠠᠵᠢᠯᠯᠠᠭ᠎ᠠ ᠳᠤ ᠣᠷᠣᠯᠴᠠᠪᠠ᠃    ᠥᠪᠥᠷ ᠮᠣᠩᠭᠤᠯ ᠤᠨ ᠤᠯᠠᠭᠠᠨ ᠨᠡᠷᠡᠨ ᠨᠡᠶᠢᠲᠡ ᠶᠢᠨ ᠠᠰᠠᠷᠠᠮᠵᠢ ᠶᠢᠨ ᠰᠠᠭᠤᠷᠢ ᠮᠥᠩᠭᠦᠨ ᠤ ᠨᠡᠶᠢᠭᠡᠮᠯᠢᠭ ᠤᠨ ᠲᠣᠰ ᠵᠦᠢᠯ ᠤᠨ ᠬᠠᠨᠳᠢᠪᠯᠠᠯ ᠨᠢ ᠴᠥᠮ ᠪᠥᠬᠦ ᠬᠤᠰᠢᠭᠤᠨ ᠤ ᠡᠯ᠎ᠡ ᠳᠤᠮᠳᠠᠳᠤ ᠪᠠᠭ᠎ᠠ ᠰᠤᠷᠭᠠᠭᠤᠯᠢ ᠶᠢᠨ ᠨᠡᠶᠢᠲᠡ 310 ᠶᠠᠳᠠᠭᠤ ᠬᠦᠴᠢᠷᠳᠡᠯᠲᠡᠶ ᠰᠤᠷᠤᠭᠴᠢᠳ ᠢ ᠲᠤᠰᠠᠯᠠᠬᠤ ᠳᠤ ᠬᠡᠷᠡᠭᠯᠡᠬᠦ ᠪᠣᠯᠤᠨ᠎ᠠ᠃    ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠶᠢ A᠂ B᠂ C ᠭᠤᠷᠪᠠᠨ ᠳᠡᠰ ᠬᠤᠪᠢᠶᠠᠵᠤ᠂ A ᠲᠡᠰ ᠤᠨ ᠰᠤᠷᠤᠭᠴᠢ ᠨᠢᠭᠡᠪᠦᠷᠢ 3000 ᠲᠥᠭᠦᠷᠢᠭ᠂ B ᠳᠡᠰ ᠶᠢᠨ ᠰᠤᠷᠤᠭᠴᠢ ᠨᠢᠭᠡᠪᠦᠷᠢ 1500 ᠲᠥᠭᠦᠷᠢᠭ᠂ C ᠳᠡᠰ ᠶᠢᠨ ᠰᠤᠷᠤᠭᠴᠢ ᠨᠢᠭᠡᠪᠦᠷᠢ 800 ᠲᠥᠭᠦᠷᠢᠭ᠂ ᠡᠨᠡ ᠬᠦ ᠪᠠᠯᠠ ᠮᠥᠩᠭᠦ ᠶᠢ ᠶᠠᠳᠠᠭᠤ ᠬᠦᠴᠢᠷᠳᠡᠯᠲᠡᠶ ᠰᠤᠷᠤᠭᠴᠢᠳ ᠤᠨ ᠵᠢᠭᠠᠨ ᠲᠣᠭᠲᠠᠭᠠᠭᠰᠠᠨ ᠲᠠᠩᠰᠠᠨ ᠡᠷᠦᠬᠡ ᠳᠤ ᠲᠦᠷᠭᠡᠬᠡᠨ ᠲᠠᠷᠬᠠᠭᠠᠬᠤ ᠪᠣᠯᠤᠨ᠎ᠠ᠃    ᠲᠦᠮᠡᠳ ᠵᠡᠭᠦᠨ ᠬᠤᠰᠢᠭᠤᠨ ᠤ ᠰᠤᠷᠭᠠᠨ ᠬᠥᠮᠦᠵᠢᠯ ᠤᠨ ᠬᠥᠭᠵᠢᠯᠲᠡ ᠶᠢᠨ ᠰᠠᠭᠤᠷᠢ ᠮᠥᠩᠭᠦᠨ ᠤ ᠨᠡᠶᠢᠭᠡᠮᠯᠢᠭ ᠨᠢ 2023 ᠣᠨ ᠤ 9 ᠰᠠᠷ᠎ᠠ ᠶᠢᠨ 1 ᠤ ᠡᠳᠦᠷ ᠪᠠᠶᠢᠭᠤᠯᠤᠭᠳᠠᠵᠤ᠂ ᠲᠣᠰ ᠰᠠᠭᠤᠷᠢ ᠮᠥᠩᠭᠦᠨ ᠤ ᠨᠡᠶᠢᠭᠡᠮᠯᠢᠭ ᠨᠢ ᠰᠤᠷᠭᠠᠨ ᠬᠥᠮᠦᠵᠢᠯ ᠢ ᠲᠤᠰᠠᠯᠠᠬᠤ᠂ ᠰᠤᠷᠤᠯᠭ᠎ᠠ ᠶᠢ ᠲᠡᠳᠬᠦᠬᠦ᠂ ᠬᠦᠴᠢᠷᠳᠡᠯ ᠢ ᠲᠡᠳᠬᠦᠬᠦ ᠳᠤ ᠰᠠᠭᠤᠷᠢᠯᠠᠵᠤ᠂ ᠪᠥᠬᠦ ᠬᠤᠰᠢᠭᠤᠨ ᠤ ᠰᠤᠷᠭᠠᠨ ᠬᠥᠮᠦᠵᠢᠯ ᠤᠨ ᠦᠶ᠋ᠯᠡᠰ ᠤᠨ ᠴᠤᠭᠯᠠᠭᠤᠯᠬᠤ᠂ ᠬᠠᠮᠢᠶᠠᠷᠬᠤ ᠪᠠ ᠰᠠᠭᠤᠷᠢ ᠮᠥᠩᠭᠦ ᠶᠢ ᠬᠡᠷᠡᠭᠯᠡᠵᠦ᠂ ᠲᠦᠮᠡᠳ ᠵᠡᠭᠦᠨ ᠬᠤᠰᠢᠭᠤᠨ ᠤ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠪᠡ᠃
 
ᠢᠷᠡᠯᠲᠡ᠄ ᠲᠦᠮᠡᠳ ᠵᠡᠭᠦᠨ ᠬᠤᠰᠢᠭᠤᠨ ᠤ ᠬᠠᠮ ᠵᠠᠭᠤᠴᠢᠯᠠᠭᠤᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号