ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠶ ᠡᠪᠯᠡᠯ ᠲᠦᠮᠡᠳ ᠵᠡᠭᠦᠨ ᠬᠤᠰᠢᠭᠤᠨ ᠤ ᠶᠢᠦ ᠷᠠᠨ ᠮᠠᠯ ᠠᠵᠤ ᠠᠬᠤᠶ ᠶᠢᠨ ᠴᠡᠯᠡᠭᠡᠷ ᠲᠠᠯ᠎ᠠ ᠠᠮᠢ ᠠᠬᠤᠶ ᠶᠢᠨ ᠣᠶᠤᠨᠴᠢ ᠮᠠᠯᠵᠢᠯ ᠤᠨ ᠲᠠᠯᠠᠪᠠᠶ ᠳᠤ ᠬᠦᠷᠴᠦ ᠦᠢᠯᠡᠳᠪᠦᠷᠢᠯᠡᠯ ᠤᠨ ᠥᠭᠡᠷᠡᠴᠢᠯᠡᠯᠲᠡ ᠶᠢᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/7/23
  ᠠᠵᠤ ᠦᠢᠯᠡᠰ ᠤᠨ ᠠᠵᠢᠯᠴᠢᠨ ᠤ ᠡᠩᠨᠡᠭᠡ ᠶᠢᠨ ᠪᠠᠶᠢᠭᠤᠯᠤᠯᠲᠠ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠰᠢᠨ᠎ᠡ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ 7 ᠰᠠᠷ᠎ᠠ ᠶᠢᠨ 19 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠶ ᠡᠪᠯᠡᠯ ᠤᠨ ᠳᠡᠳ᠋ ᠲᠡᠷᠢᠭᠦᠯᠡᠭᠴᠢ ᠦ᠋ ᠰᠢᠩ ᠢᠦᠶ ᠂ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠶ ᠡᠪᠯᠡᠯ ᠤᠨ ᠬᠤᠶᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ ᠯᠢᠦ ᠶᠦᠨ ᠲᠢᠶᠠᠨ᠂ ᠬᠥᠬᠡᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ ᠠᠵᠢᠯᠴᠢᠨ ᠤ ᠶᠡᠷᠦᠩᠬᠡᠶ ᠡᠪᠯᠡᠯ ᠤᠨ ᠲᠡᠷᠢᠭᠦᠯᠡᠭᠴᠢ ᠶᠦᠨ ᠢᠦᠶ ᠮᠧᠶ ᠂ ᠬᠥᠬᠡᠬᠤᠲᠠ ᠶᠢᠨ ᠠᠵᠢᠯᠴᠢᠨ ᠤ ᠶᠡᠷᠦᠩᠬᠡᠶ ᠡᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠳᠡᠳ᠋ ᠲᠡᠷᠢᠭᠦᠯᠡᠭᠴᠢ ᠸᠠᠩ ᠵᠢᠶᠦ᠋ᠨ ᠲᠢᠩ ᠨᠡᠷ ᠥᠪᠥᠷ ᠮᠣᠩᠭᠤᠯ ᠤᠨ ᠶᠢᠦ ᠷᠠᠨ ᠮᠠᠯ ᠠᠵᠤ ᠠᠬᠤᠢ ᠶᠢᠨ ᠣᠶᠤᠨᠴᠢ ᠮᠠᠯᠵᠢᠯ ᠤᠨ ᠲᠠᠯᠠᠪᠠᠶ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ ᠠᠵᠢᠯᠴᠢᠨ ᠤ ᠶᠡᠷᠦᠩᠬᠡᠶ ᠡᠪᠯᠡᠯ ᠤᠨ ᠲᠡᠷᠢᠭᠦᠯᠡᠭᠴᠢ ᠶᠠᠩ ᠵᠢᠶᠠᠨ ᠵᠥᠩ᠂ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠳᠡᠳ᠋ ᠲᠡᠷᠢᠭᠦᠯᠡᠭᠴᠢ ᠢ ᠾᠧ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃    ᠥᠪᠥᠷ ᠮᠣᠩᠭᠤᠯ ᠤᠨ ᠶᠢᠦ ᠷᠠᠨ ᠮᠠᠯ ᠠᠵᠤ ᠠᠬᠤᠶ ᠨᠢ ᠥᠪᠡᠷᠲᠡᠭᠡᠨ ᠵᠠᠰᠠᠬᠤ ᠣᠷᠣᠨ ᠤ ᠲᠠᠰ ᠤᠨ ᠠᠵᠤ ᠦᠢᠯᠡᠰ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠨᠢᠭᠡᠴᠡ ᠪᠣᠯᠤᠭᠰᠠᠨ ᠤ ᠬᠤᠪᠢ ᠳᠤ᠂ ︽1523︾ ᠠᠵᠢᠯ ᠤᠨ ᠠᠷᠭ᠎ᠠ ᠶᠢ ᠪᠥᠬᠦ ᠲᠠᠯ᠎ᠠ ᠪᠠᠷ ᠬᠡᠷᠡᠭᠵᠢᠭᠦᠯᠦᠨ᠎ᠡ᠃ ᠲᠤᠬᠠᠶᠢᠯᠠᠪᠠᠯ ᠬᠠᠷᠢᠭᠤᠴᠠᠯᠭ᠎ᠠ ᠶᠢᠨ ᠪᠢᠴᠢᠭ᠂ ᠲᠠᠪᠤᠨ ᠲᠣᠭᠲᠠᠴᠠ᠂ ᠬᠤᠶᠠᠷ ᠠᠴᠢᠶᠠᠯᠠᠪᠤᠷᠢ᠂ ᠭᠤᠷᠪᠠ ᠶᠢ ᠨᠢᠭᠲᠠ ᠤᠶᠠᠯᠳᠤᠭᠤᠯᠤᠨ᠎ᠠ᠃ ᠥᠷᠭᠡᠨ ᠣᠯᠠᠨ ᠠᠵᠢᠯᠲᠠᠨ ᠠᠵᠢᠯᠴᠢᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠨᠠᠮ ᠤᠨ ᠤᠳᠤᠷᠢᠳᠤᠯᠭ᠎ᠠ ᠶᠢ ᠪᠠᠲᠤᠳᠬᠠᠵᠤ᠂ ᠠᠵᠢᠯᠲᠠᠨ ᠠᠵᠢᠯᠴᠢᠨ ᠢ ᠪᠦᠯᠬᠦᠮᠳᠡᠭᠦᠯᠦᠨ ᠳᠠᠶᠢᠴᠢᠯᠠᠵᠤ ᠪᠠᠶᠢᠭᠠᠳ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠨ᠎ᠠ᠃ ᠡᠭᠦᠨ ᠤ ᠬᠠᠮᠲᠤ ᠥᠪᠥᠷ ᠮᠣᠩᠭᠤᠯ ᠤᠨ ᠶᠢᠦ ᠷᠠᠨ ᠠᠵᠢᠯᠴᠢᠨ ᠤ ᠡᠪᠯᠡᠯ ︽ᠡᠶ᠎ᠡ ᠵᠣᠬᠢᠴᠠᠩᠭᠤᠢ ᠪᠠᠷ ᠡᠵᠡᠩᠨᠡᠯᠲᠡ ᠳᠤ ᠲᠤᠰᠠᠯᠠᠬᠤ︾ ᠬᠤᠰᠢᠭᠤᠴᠢ ᠦᠢᠯᠡᠳᠦᠯ ᠢᠶᠠᠨ ᠪᠠᠳᠠᠷᠠᠭᠤᠯᠵᠤ᠂ ᠺᠣᠮᠫᠠᠨᠢ ᠶᠢᠨ ᠦᠢᠯᠡᠳᠪᠦᠷᠢᠯᠡᠯ ᠤᠨ ᠥᠭᠡᠷᠡᠴᠢᠯᠡᠯᠲᠡ ᠶᠢᠨ ᠠᠵᠢᠯ ᠤᠨ ᠤᠷᠤᠭᠰᠢᠲᠠᠢ ᠪᠡᠶᠡᠯᠡᠭᠳᠡᠬᠦ ᠶᠢ ᠬᠦᠴᠦᠲᠡᠢ ᠠᠬᠢᠭᠤᠯᠪᠠ᠃    ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠶᠢᠦ ᠷᠠᠨ ᠮᠠᠯ ᠠᠵᠤ ᠠᠬᠤᠢ ᠶᠢᠨ ᠴᠡᠯᠡᠭᠡᠷ ᠲᠠᠯ᠎ᠠ ᠠᠮᠢ ᠠᠬᠤᠢ ᠶᠢᠨ ᠤᠶᠤᠨᠲᠤ ᠮᠠᠯᠵᠢᠯ ᠤᠨ ᠲᠠᠯᠠᠪᠠᠢ ᠳᠤ ᠬᠦᠷᠴᠦ ᠠᠵᠤ ᠠᠬᠤᠶᠢᠯᠠᠯ ᠤᠨ ᠦᠵᠡᠭᠦᠯᠦᠯᠭᠡ ᠶᠢᠨ ᠲᠢᠩᠬᠢᠮ ᠢ ᠲᠣᠭᠤᠷᠢᠨ ᠦᠵᠡᠵᠦ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ᠂ ᠬᠡᠪᠴᠢᠶ᠎ᠡ᠂ ᠦᠢᠯᠡᠳᠬᠦᠨ ᠤ ᠮᠡᠷᠭᠡᠵᠢᠯ ᠤᠨ ᠣᠨᠴᠠᠯᠢᠭ ᠵᠢᠴᠢ ᠠᠵᠢᠯᠳᠠᠨ ᠠᠵᠢᠯᠴᠢᠨ ᠤ ᠮᠡᠷᠭᠡᠵᠢᠯ ᠤᠨ ᠰᠢᠨ᠎ᠡ ᠶᠢ ᠡᠭᠦᠳᠬᠦ ᠵᠡᠷᠭᠡ ᠶᠢ ᠨᠠᠷᠢᠨ ᠣᠶᠢᠯᠠᠭᠠᠵᠤ᠂ ᠦᠢᠯᠡᠳᠪᠦᠷᠢᠯᠡᠯ ᠤᠨ ᠥᠭᠡᠷᠡᠴᠢᠯᠡᠯᠲᠡ ᠶᠢᠨ ᠵᠢᠱᠢᠶ᠎ᠡ ᠦᠵᠡᠭᠦᠯᠬᠦ ᠴᠡᠭ ᠤᠨ ᠠᠵᠤ ᠠᠬᠤᠶᠢᠯᠠᠯ ᠤᠨ ᠦᠢᠯᠡᠳᠪᠦᠷᠢᠯᠡᠯ ᠤᠨ ᠥᠭᠡᠷᠡᠴᠢᠯᠡᠯᠲᠡ ᠶᠢᠨ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃    ᠳᠠᠷᠠᠭᠠᠴᠢ ᠶᠢᠨ ᠠᠯᠬᠤᠮ ᠳᠤ᠂ ᠲᠦᠮᠡᠳ ᠵᠡᠭᠦᠨ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠦᠷᠭᠦᠯᠵᠢᠯᠡᠨ ᠨᠠᠮ ᠤᠨ ᠪᠠᠶᠢᠭᠤᠯᠤᠯᠲᠠ ᠪᠠᠷ ᠰᠦᠭ ᠰᠦᠨᠡᠰᠦ ᠶᠢ ᠱᠤᠭᠤᠵᠤ᠂ ᠥᠭᠡᠷᠡᠴᠢᠯᠡᠯᠲᠡ ᠪᠠᠷ ᠬᠦᠴᠦᠨ ᠢᠶᠠᠨ ᠲᠥᠪᠯᠡᠷᠡᠭᠦᠯᠵᠦ᠂ ᠨᠠᠮ ᠤᠨ ᠪᠠᠶᠢᠭᠤᠯᠤᠯᠲᠠ᠂ ᠦᠢᠯᠡᠳᠪᠦᠷᠢᠯᠡᠯ ᠤᠨ ᠥᠭᠡᠷᠡᠴᠢᠯᠡᠯᠲᠡ᠂ ᠠᠵᠤ ᠦᠢᠯᠡᠳᠪᠦᠷᠢ ᠶᠢᠨ ᠪᠠᠶᠢᠭᠤᠯᠤᠯᠲᠠ ᠶᠢ ᠨᠢᠭᠡ ᠴᠤᠭᠴᠠᠵᠢᠭᠤᠯᠤᠨ ᠠᠬᠢᠭᠤᠯᠬᠤ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠭᠤᠣᠯᠳᠠᠯᠭ᠎ᠠ ᠲᠠᠢ ᠪᠠᠶᠢᠭᠤᠯᠵᠤ᠂ ᠠᠵᠤ ᠠᠬᠤᠶᠢᠯᠠᠯ ᠳᠤ ᠭᠦᠨᠵᠡᠭᠡᠶᠢᠷᠡᠨ ᠦᠢᠯᠡᠳᠪᠦᠷᠢᠯᠡᠯ ᠤᠨ ᠥᠭᠡᠷᠡᠴᠢᠯᠡᠯᠲᠡ ᠶᠢᠨ ᠠᠵᠢᠯ ᠤᠨ ᠵᠢᠯᠤᠭᠤᠳᠤᠯᠭ᠎ᠠ᠂ ᠦᠵᠡᠯ ᠰᠠᠨᠠᠭᠠᠨ ᠤ ᠵᠢᠯᠤᠭᠤᠳᠤᠯᠭ᠎ᠠ ᠵᠢᠴᠢ ᠦᠨᠳᠦᠰᠦᠨ ᠱᠠᠲᠤᠨ ᠤ ᠦᠢᠯᠡᠳᠪᠦᠷᠢᠯᠡᠯ ᠤᠨ ᠥᠭᠡᠷᠡᠴᠢᠯᠡᠯᠲᠡ ᠶᠢᠨ ᠬᠥᠳᠡᠯᠦᠩᠭᠦᠢ ᠪᠠᠶᠢᠳᠠᠯ᠂ ᠰᠠᠨᠠᠯ ᠰᠠᠨᠠᠭᠤᠯᠭ᠎ᠠ ᠶᠢ ᠴᠤᠭᠯᠠᠭᠤᠯᠤᠨ ᠬᠠᠷᠢᠭᠤ ᠲᠤᠰᠬᠠᠬᠤ ᠠᠵᠢᠯ ᠢ ᠰᠠᠶᠢᠲᠤᠷ ᠬᠢᠵᠦ᠂ ᠴᠡᠭ ᠠᠴᠠ ᠴᠡᠭ ᠲᠤ ᠬᠦᠷᠬᠦ᠂ ᠨᠢᠭᠤᠷᠳᠠᠨ ᠬᠠᠷᠠᠭᠠᠯᠵᠠᠬᠤ ᠠᠷᠭ᠎ᠠ ᠬᠡᠯᠪᠡᠷᠢ ᠪᠠᠷ ᠤᠬᠠᠭᠤᠯᠭ᠎ᠠ᠂ ᠵᠢᠯᠤᠭᠤᠳᠤᠯᠭ᠎ᠠ ᠪᠠ ᠦᠢᠯᠡᠴᠢᠯᠡᠭᠡ ᠥᠷᠨᠢᠭᠦᠯᠦᠨ᠎ᠡ᠃ ᠠᠵᠤ ᠠᠬᠤᠶᠢᠯᠠᠯ ᠤᠨ ᠦᠢᠯᠡᠳᠪᠦᠷᠢᠯᠡᠯ ᠤᠨ ᠥᠭᠡᠷᠡᠴᠢᠯᠡᠯᠲᠡ ᠶᠢ ᠠᠬᠢᠭᠤᠯᠬᠤ ᠠᠵᠢᠯ ᠤᠨ ᠬᠠᠷᠠᠯᠲᠠ ᠶᠢ ᠬᠥᠭᠡᠭᠡᠴᠡᠯᠳᠦᠬᠦ᠂ ᠪᠠᠶᠢᠳᠠᠯ ᠢ ᠡᠪᠳᠡᠬᠦ ᠰᠡᠳᠬᠢᠴᠡ ᠶᠢ ᠠᠮᠢᠳᠤᠯᠢᠭᠵᠢᠭᠤᠯᠬᠤ᠂ ᠡᠭᠦᠷᠭᠡ ᠬᠠᠷᠢᠭᠤᠴᠠᠯᠭ᠎ᠠ ᠶᠢ ᠬᠦᠴᠦᠷᠬᠡᠭᠵᠢᠭᠦᠯᠬᠦ᠂ ᠶᠠᠪᠤᠳᠠᠯ ᠢ ᠪᠦᠲᠦᠭᠡᠬᠦ ᠦᠷ᠎ᠡ ᠪᠦᠲᠦᠮᠵᠢ ᠶᠢ ᠲᠦᠷᠭᠡᠳᠬᠡᠬᠦ ᠶᠢ ᠠᠬᠢᠭᠤᠯᠪᠠ᠃
 
ᠢᠷᠡᠯᠲᠡ᠄ ᠠᠵᠢᠯᠴᠢᠨ ᠤ ᠶᠡᠷᠦᠩᠬᠡᠶ ᠡᠪᠯᠡᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号