ᠴᠡᠯᠡᠭᠡᠷ ᠲᠠᠯ᠎ᠠ ᠪᠠᠯᠭᠠᠰᠤ ︽ᠬᠠᠶᠢᠷᠠᠲᠤ ᠡᠵᠢ ︵ᠠᠨᠢᠶ᠎ᠠ︶︾ ᠶᠢᠨ ᠨᠢᠭᠡ ᠨᠢᠭᠡ ᠪᠠᠷ ᠬᠠᠷᠠᠭᠠᠯᠵᠠᠬᠤ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠡᠬᠢᠯᠡᠯᠲᠡ ᠶᠢᠨ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2024/7/24
     ᠶᠡᠷᠦᠩᠬᠡᠶ ᠱᠦᠵᠢ ᠰᠢ ᠶᠢᠨ ᠫᠢᠩ ᠤᠨ ᠡᠮᠡᠭᠲᠡᠶᠢᠴᠦᠳ ᠬᠡᠤᠬᠡᠳ ᠪᠣᠯᠤᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠯ᠎ᠡ ᠲᠠᠯ᠎ᠠ ᠶᠢᠨ ᠬᠠᠮᠵᠢᠯᠴᠠᠭ᠎ᠠ ᠶᠢ ᠴᠢᠩᠭᠠᠳᠬᠠᠨ᠂ ᠬᠠᠯᠠᠮᠵᠢᠯᠠᠨ ᠬᠠᠶᠢᠷᠠᠯᠠᠬᠤ ᠬᠦᠴᠦᠨ ᠢ ᠨᠢᠭᠲᠠᠷᠠᠭᠤᠯᠬᠤ ᠶᠢᠨ ᠲᠥᠯᠥᠭᠡ᠂ 7 ᠰᠠᠷ᠎ᠠ ᠶᠢᠨ 23 ᠤ ᠡᠳᠦᠷ᠂ ᠴᠡᠯᠡᠭᠡᠷ ᠲᠠᠯ᠎ᠠ ᠪᠠᠯᠭᠠᠰᠤ ︽ᠬᠠᠶᠢᠷᠠᠲᠤ ᠡᠵᠢ ︵ᠠᠨᠢᠶ᠎ᠠ︶︾ ᠶᠢᠨ ᠨᠢᠭᠡ ᠨᠢᠭᠡ ᠪᠠᠷ ᠬᠠᠷᠠᠭᠠᠯᠵᠠᠬᠤ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠡᠬᠢᠯᠡᠯᠲᠡ ᠶᠢᠨ ᠶᠣᠰᠣᠯᠠᠯ ᠶᠠᠪᠤᠭᠤᠯᠪᠠ ᠃ ᠪᠠᠯᠭᠠᠰᠤᠨ ᠤ ᠨᠠᠮ ᠤᠨ ᠬᠤᠷᠢᠶᠠᠨ ᠤ ᠭᠡᠰᠢᠭᠦᠨ᠂ ᠤᠬᠠᠭᠤᠯᠬᠤ ᠭᠡᠰᠢᠭᠦᠨ ᠵᠠᠩ  ᠬᠦᠢ ᠢ ᠡᠬᠢᠯᠡᠯᠲᠡ ᠶᠢᠨ ᠶᠣᠰᠣᠯᠠᠯ ᠳᠤ ᠣᠷᠣᠯᠴᠠᠵᠤ᠂ ᠬᠠᠶᠢᠷᠠᠲᠤ ᠡᠵᠢ ︵ᠠᠨᠢᠶ᠎ᠠ︶ ᠵᠢᠴᠢ ᠬᠤᠤᠰᠯᠠᠯ ᠪᠠᠶᠢᠭᠤᠯᠤᠭᠰᠠᠨ ᠬᠡᠤᠬᠡᠳ ᠵᠡᠷᠭᠡ 20 ᠭᠠᠷᠤᠶ ᠬᠥᠮᠦᠨ ᠠᠵᠢᠯᠯᠠᠭ᠎ᠠ ᠳᠤ ᠣᠷᠣᠯᠴᠠᠵᠠᠶ᠃    ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠬᠡᠦᠬᠡᠳ ᠤᠳ ᠲᠤ ᠬᠠᠶᠢᠷ᠎ᠠ ᠬᠠᠯᠠᠮᠵᠢ ᠶᠢᠨ ᠡᠳ᠋ ᠪᠣᠳᠠᠰ ᠬᠦᠷᠭᠡᠪᠡ᠃    ︽ᠴᠡᠯᠡᠭᠡᠷ ᠲᠠᠯ᠎ᠠ ᠶᠢᠨ ᠬᠠᠶᠢᠷᠠᠲᠤ ᠡᠵᠢ︾ ᠶᠢᠨ ᠲᠥᠯᠥᠭᠡᠯᠡᠭᠴᠢ ᠯᠢᠦᠢ ᠮᠧᠢ ᠵᠢᠶᠦ᠋ᠨ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠪᠠ᠃ ᠪᠠᠯᠭᠠᠰᠤᠨ ᠤ ᠡᠮᠡᠭᠲᠡᠶᠢᠴᠦᠳ ᠤᠨ ᠬᠤᠯᠪᠣᠭ᠎ᠠ ᠶᠢᠨ ᠲᠡᠷᠢᠭᠦᠯᠡᠭᠴᠢ ᠶᠣᠣ ᠶᠠᠨ ᠨᠢ ᠴᠡᠯᠡᠭᠡᠷ ᠲᠠᠯ᠎ᠠ ᠪᠠᠯᠭᠠᠰᠤᠨ ᠤ ᠡᠮᠡᠭᠲᠡᠶᠢᠴᠦᠳ ᠤᠨ ᠬᠤᠯᠪᠣᠭ᠎ᠠ ᠶᠢᠨ ︽ᠬᠠᠶᠢᠷᠠᠲᠤ ᠠᠨᠢᠶ᠎ᠠ ︵ᠡᠵᠢ︶ ᠬᠤᠣᠰᠯᠠᠨ ᠭᠡᠷ ᠢᠶᠠᠨ ᠰᠠᠬᠢᠵᠤ ᠬᠤᠴᠣᠷᠤᠭᠰᠠᠨ ᠬᠡᠦᠬᠡᠳ ᠢ ᠬᠠᠯᠠᠮᠵᠢᠯᠠᠬᠤ ᠰᠠᠨᠠᠭᠠᠴᠢᠯᠠᠭ᠎ᠠ ᠶᠢᠨ ᠪᠢᠴᠢᠭ ᠢ ᠤᠩᠰᠢᠨ ᠨᠡᠶᠢᠲᠡᠯᠡᠪᠡ     ᠣᠶᠢᠷ᠎ᠠ ᠶᠢᠨ ᠵᠢᠯ ᠠᠴᠠ᠂ ᠴᠡᠯᠡᠭᠡᠷ ᠲᠠᠯ᠎ᠠ ᠪᠠᠯᠭᠠᠰᠤᠨ ᠤ ᠡᠮᠡᠭᠲᠡᠶᠢᠴᠦᠳ ᠤᠨ ᠬᠤᠯᠪᠣᠭ᠎ᠠ ᠨᠢ ︽ᠨᠢᠭᠡ ᠨᠢᠭᠡ ᠬᠠᠷᠠᠭᠠᠯᠵᠠᠬᠤ︾᠂ ︽ᠨᠢᠭᠡ ᠬᠦᠮᠦᠨ ᠨᠢ ᠣᠯᠠᠨ ᠢ ᠬᠠᠷᠠᠭᠠᠯᠵᠠᠬᠤ︾ ᠵᠡᠷᠭᠡ ᠬᠤᠤᠰᠯᠠᠬᠤ ᠬᠡᠯᠪᠡᠷᠢ ᠶᠢ ᠠᠪᠴᠤ᠂ ︽ᠬᠠᠶᠢᠷ᠎ᠠ ᠶᠢᠨ ᠡᠵᠢ ︵ᠠᠨᠢᠶ᠎ᠠ︶︾ ᠪᠣᠯᠤᠨ ᠬᠦᠴᠢᠷᠳᠡᠯ ᠳᠤ ᠲᠤᠯᠭᠠᠷᠠᠭᠰᠠᠨ ᠬᠡᠤᠬᠡᠳ ᠲᠤ ︽ᠬᠠᠶᠢᠷ᠎ᠠ︾ ᠶᠢᠨ ᠬᠥᠭᠦᠷᠭᠡ ᠪᠠᠶᠢᠭᠤᠯᠵᠤ᠂ ᠬᠦᠴᠢᠷᠳᠡᠯ ᠳᠤ ᠲᠤᠯᠭᠠᠷᠠᠭᠰᠠᠨ ᠨᠠᠷᠠᠲᠤ ᠬᠡᠤᠬᠡᠳ ᠲᠤ ︽ᠬᠠᠶᠢᠷ᠎ᠠ ᠶᠢᠨ ᠡᠵᠢ ︵ᠠᠨᠢᠶ᠎ᠠ︶ ︾ ᠣᠯᠭᠤᠵᠤ᠂ ︽ᠬᠠᠶᠢᠷ᠎ᠠ ᠶᠢᠨ ᠡᠵᠢ ︵ᠠᠨᠢᠶ᠎ᠠ︶︾ ᠨᠢ ᠥᠪᠡᠷ ᠤᠨ ᠪᠣᠳᠠᠲᠤ ᠠᠵᠢᠯᠯᠠᠭ᠎ᠠ ᠪᠠᠷ ᠢᠶᠠᠨ ᠬᠡᠤᠬᠡᠳ ᠤᠨ ᠦᠰᠦᠨ ᠪᠤᠶᠢᠵᠢᠯᠲᠠ ᠶᠢᠨ ᠵᠠᠮᠴᠢᠯᠠᠭᠴᠢ᠂ ᠬᠡᠤᠬᠡᠳ ᠤᠨ ᠡᠷᠬᠡ ᠠᠰᠢᠭ ᠢ ᠰᠠᠬᠢᠨ ᠬᠠᠮᠠᠭᠠᠯᠠᠭᠴᠢ᠂ ᠬᠡᠤᠬᠡᠳ ᠤᠨ ᠢᠷᠡᠭᠡᠳᠦᠶ ᠶᠢᠨ ᠬᠦᠰᠡᠯ ᠵᠡᠭᠦᠳᠦ ᠪᠠᠨ ᠲᠡᠷᠭᠡᠯᠰᠢᠭᠦᠯᠦᠭᠴᠢ ᠪᠣᠯᠵᠣ᠂ ᠬᠡᠷ ᠲᠡᠭᠡᠨ ᠬᠤᠴᠣᠷᠤᠭᠰᠠᠨ ᠬᠦᠴᠢᠷᠳᠡᠯ ᠳᠤ ᠲᠤᠯᠭᠠᠷᠠᠭᠰᠠᠨ ᠬᠡᠤᠬᠡᠳ ᠲᠤ ᠬᠠᠶᠢᠷ᠎ᠠ ᠬᠠᠯᠠᠮᠵᠢ ᠶᠢᠨ ᠬᠠᠮᠠᠭᠠᠯᠠᠯᠲᠠ ᠶᠢᠨ ᠲᠣᠤᠷ ᠢ ᠪᠠᠶᠢᠭᠤᠯᠵᠤ ᠥᠭᠴᠡᠶ᠃    ᠳᠠᠷᠠᠭᠠᠴᠢ ᠶᠢᠨ ᠠᠯᠬᠤᠮ ᠳᠤ᠂ ᠪᠠᠯᠭᠠᠰᠤᠨ ᠤ ᠡᠮᠡᠭᠲᠡᠶᠢᠴᠦᠳ ᠤᠨ ᠬᠤᠯᠪᠣᠭ᠎ᠠ ᠶᠢᠨ ᠬᠢᠨ ᠬᠦᠴᠢᠷᠳᠡᠯᠲᠡᠢ ᠬᠡᠦᠬᠡᠳ ᠢ ᠨᠡᠩ ᠢᠯᠡᠭᠦᠦ ᠬᠠᠶᠢᠷᠠᠯᠠᠨ ᠬᠠᠯᠠᠮᠵᠢᠯᠠᠵᠤ᠂ ᠬᠠᠮᠵᠢᠯᠴᠠᠨ ᠬᠠᠮᠲᠤᠷᠠᠯᠴᠠᠬᠤ᠂ ᠤᠯᠠᠨ ᠬᠡᠯᠪᠡᠷᠢ ᠶᠢᠨ᠂ ᠬᠥᠳᠡᠯᠦᠩᠭᠦᠢ ᠪᠠᠷ ᠬᠠᠮᠢᠶᠠᠷᠬᠤ᠂ ᠥᠷᠭᠡᠨ ᠢᠶᠠᠷ ᠣᠷᠣᠯᠴᠠᠬᠤ ᠦᠢᠯᠡᠴᠢᠯᠡᠭᠡᠨ ᠤ ᠪᠠᠶᠢᠷᠢᠰᠢᠯ ᠢ ᠪᠦᠷᠢᠯᠳᠦᠭᠦᠯᠬᠦ ᠶᠢ ᠬᠦᠴᠦᠯᠡᠨ ᠠᠬᠢᠭᠤᠯᠵᠤ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠵᠢᠴᠢ ᠲᠡᠭᠦᠨ ᠤ ᠭᠡᠷ ᠪᠦᠯᠢ ᠶᠢᠨ ᠪᠣᠳᠠᠲᠠᠢ ᠬᠦᠴᠢᠷᠳᠡᠯ ᠪᠣᠯᠣᠨ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ ᠬᠠᠪᠰᠤᠷᠤᠨ ᠲᠡᠳᠬᠦᠬᠦ ᠶᠢ ᠤᠨᠢᠨ ᠳᠡᠭᠡᠷ᠎ᠡ ᠨᠢ ᠥᠷᠨᠢᠭᠦᠯᠵᠦ᠂ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡ ᠶᠢ ᠦᠨᠡᠨ ᠬᠦ ᠡᠩ ᠤᠨ ᠴᠠᠭ ᠲᠤ ᠬᠢᠵᠦ᠂ ᠥᠷᠭᠡᠨ ᠤᠯᠠᠨ ᠬᠡᠦᠬᠡᠳ ᠤᠨ ᠡᠷᠡᠭᠦᠯ ᠢᠶᠠᠷ ᠦᠰᠦᠨ ᠪᠤᠶᠢᠵᠢᠬᠤ᠂ ᠪᠦᠬᠦ ᠲᠠᠯ᠎ᠠ ᠪᠠᠷ ᠬᠥᠭᠵᠢᠬᠦ ᠶᠢ ᠬᠠᠮᠲᠤ ᠪᠠᠷ ᠬᠠᠮᠠᠭᠠᠯᠠᠬᠤ ᠪᠠ ᠬᠠᠨᠢ ᠪᠣᠯᠣᠨ᠎ᠠ᠃
 
ᠢᠷᠡᠯᠲᠡ᠄ ᠴᠡᠯᠡᠭᠡᠷ ᠲᠠᠯ᠎ᠠ ᠪᠠᠯᠭᠠᠰᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号