ᠲᠦᠮᠡᠳ ᠵᠡᠭᠦᠨ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠥᠪᠥᠷ ᠮᠣᠩᠭᠤᠯ ᠤᠨ ᠰᠦ ᠶᠢᠨ ᠦᠢᠯᠡᠰ ᠤᠨ ᠮᠡᠷᠭᠡᠵᠢᠯ ᠤᠨ ᠰᠤᠳᠤᠯᠭᠠᠨ ᠤ ᠬᠦᠷᠢᠶᠡᠯᠡᠩ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ ᠬᠦᠷᠴᠦ ᠲᠥᠷᠥᠯ ᠵᠦᠢᠯ ᠢ ᠰᠢᠯᠭᠠᠨ ᠠᠪᠬᠤ ᠮᠠᠲ᠋ᠧᠷᠢᠶᠠᠯ ᠤᠨ ᠠᠩᠬᠠᠨ ᠤ ᠬᠢᠨᠠᠯᠲᠠ ᠶᠢᠨ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2024/7/24
   7 ᠰᠠᠷ᠎ᠠ ᠶᠢᠨ 24 ᠤ ᠡᠳᠦᠷ ᠤᠨ ᠦᠳᠡ ᠶᠢᠨ ᠡᠮᠦᠨ᠎ᠡ᠂ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢ ᠸᠠᠩ ᠸᠧᠨ ᠪᠦᠯᠬᠦᠮ ᠳᠠᠭᠠᠭᠤᠯᠤᠨ ᠥᠪᠥᠷ ᠮᠣᠩᠭᠤᠯ ᠤᠨ ᠰᠦ ᠶᠢᠨ ᠦᠢᠯᠡᠰ ᠤᠨ ᠮᠡᠷᠭᠡᠵᠢᠯ ᠤᠨ ᠰᠤᠳᠤᠯᠭᠠᠨ ᠤ ᠬᠦᠷᠢᠶᠡᠯᠡᠩ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ ᠬᠦᠷᠴᠦ ᠤᠯᠤᠰ ᠤᠨ ᠰᠦ ᠶᠢᠨ ᠦᠢᠯᠡᠰ ᠤᠨ ᠰᠢᠨ᠎ᠡ ᠶᠢ ᠡᠭᠦᠳᠬᠦ ᠰᠠᠭᠤᠷᠢᠨ ᠭᠠᠵᠠᠷ - ᠴᠠᠭᠠᠨ ᠢᠳᠡᠭᠡ ᠦᠢᠯᠡᠳᠬᠦ ᠦᠢᠯᠡᠰ ᠤᠨ ᠨᠡᠶᠢᠲᠡᠯᠢᠭ ᠴᠢᠨᠠᠷᠲᠠᠶ ᠮᠡᠷᠭᠡᠵᠢᠯ ᠢ ᠰᠤᠳᠤᠯᠤᠨ ᠨᠡᠭᠡᠭᠡᠬᠦ ᠵᠢᠴᠢ ᠪᠥᠬᠦ ᠠᠵᠤ ᠦᠢᠯᠡᠰ ᠤᠨ ᠬᠡᠯᠬᠢᠶ᠎ᠡ ᠶᠢᠨ ᠦᠢᠯᠡᠴᠢᠯᠡᠭᠡᠨ ᠤ ᠲᠥᠷᠥᠯ ᠵᠦᠢᠯ ᠳᠤ ᠲᠥᠷᠥᠯ ᠵᠦᠢᠯ ᠤᠨ ᠰᠢᠯᠭᠠᠨ ᠠᠪᠬᠤ ᠮᠠᠲ᠋ᠧᠷᠢᠶᠠᠯ ᠤᠨ ᠠᠩᠬᠠᠨ ᠤ ᠬᠢᠨᠠᠯᠲᠠ ᠬᠢᠪᠠ᠃    ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠪᠠᠭᠤᠯᠭᠠᠭᠰᠠᠨ 【2021】954 ᠪᠢᠴᠢᠭ ᠮᠠᠲ᠋ᠧᠷᠢᠶᠠᠯ ᠤᠨ ᠲᠣᠭᠲᠠᠭᠠᠯ ᠶᠣᠰᠣᠭᠠᠷ᠂ ᠲᠥᠷᠥᠯ ᠵᠦᠢᠯ ᠤᠨ ᠰᠢᠯᠭᠠᠨ ᠠᠪᠬᠤ ᠳᠤ ᠬᠡᠷᠡᠭᠰᠡᠬᠦ ᠮᠠᠲ᠋ᠧᠷᠢᠶᠠᠯ ᠢ ᠨᠠᠷᠢᠨ ᠨᠢᠮᠪᠠᠶ ᠤᠷᠪᠠᠭᠤᠯᠤᠨ ᠦᠵᠡᠵᠦ᠂ ᠲᠣᠰ ᠲᠥᠷᠥᠯ ᠵᠦᠢᠯ ᠤᠨ ᠮᠠᠲ᠋ᠧᠷᠢᠶᠠᠯ ᠪᠦᠷᠢᠨ᠂ ᠰᠢᠯᠭᠠᠨ ᠠᠪᠬᠤ ᠨᠥᠬᠦᠴᠡᠯ ᠢ ᠪᠦᠷᠢᠯᠳᠦᠭᠦᠯᠦᠭᠰᠡᠨ ᠭᠡᠵᠦ ᠦᠵᠡᠪᠡ᠃    ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠨᠢ ᠠᠵᠤ ᠠᠬᠤᠶᠢᠯᠠᠯ ᠢ ᠢᠳᠡᠪᠬᠢᠲᠡᠶ ᠪᠠᠷ ᠵᠣᠬᠢᠶᠠᠨ ᠪᠠᠶᠢᠭᠤᠯᠵᠤ ᠡᠷᠬᠡ ᠶᠢᠨ ᠬᠡᠪᠴᠢᠶ᠎ᠡ ᠶᠣᠰᠣᠭᠠᠷ ᠱᠠᠲᠤ ᠳᠠᠷᠠᠭᠠᠯᠠᠨ ᠳᠡᠭᠡᠳᠦ ᠱᠠᠲᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠰᠠᠯᠠᠭ᠎ᠠ ᠮᠥᠴᠢᠷ ᠲᠤ ᠰᠢᠯᠭᠠᠨ ᠠᠪᠬᠤ ᠭᠤᠶᠤᠴᠢᠯᠠᠯ ᠭᠠᠷᠭᠠᠨ᠎ᠠ
 
ᠢᠷᠡᠯᠲᠡ᠄ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号