ᠲᠦᠮᠡᠳ ᠵᠡᠭᠦᠨ ᠬᠤᠰᠢᠭᠤᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠬᠦᠴᠢᠷᠳᠡᠯ ᠳᠤ ᠲᠤᠯᠭᠠᠷᠠᠭᠰᠠᠨ ᠬᠡᠷ ᠲᠡᠭᠡᠨ ᠬᠤᠴᠣᠷᠤᠭᠰᠠᠨ ᠬᠡᠤᠬᠡᠳ ᠢ ᠪᠣᠯᠭᠤᠭᠠᠨ ᠲᠣᠬᠤᠨᠢᠭᠤᠯᠪᠠ
ᠨᠡᠶᠢᠲᠡᠯᠡᠭᠰᠡᠨ ᠴᠠᠭ᠄
2024/7/25
     ᠬᠡᠦᠬᠡᠳ ᠪᠣᠯ ᠡᠬᠡ ᠣᠷᠣᠨ ᠤ ᠢᠷᠡᠭᠡᠳᠦᠢ᠂ ᠦᠨᠳᠦᠰᠦᠲᠡᠨ ᠤ ᠬᠦᠰᠡᠯ ᠡᠷᠡᠮᠡᠯᠵᠡᠯ ᠮᠥᠨ᠃ ᠬᠡᠷ ᠲᠡᠭᠡᠨ ᠬᠤᠴᠣᠷᠤᠭᠰᠠᠨ ᠬᠡᠤᠬᠡᠳ ᠤᠨ ᠡᠷᠡᠭᠦᠯ ᠢᠶᠠᠷ ᠦᠰᠦᠨ ᠪᠤᠶᠢᠵᠢᠬᠤ ᠶᠢ ᠤᠯᠠᠮ ᠨᠢᠭᠡ ᠠᠯᠬᠤᠮ ᠬᠠᠯᠠᠮᠵᠢᠯᠠᠨ ᠬᠠᠶᠢᠷᠠᠯᠠᠵᠤ᠂ ᠬᠠᠶᠢᠷ᠎ᠠ ᠬᠠᠯᠠᠮᠵᠢ ᠶᠢ ᠬᠦᠴᠢᠷᠳᠡᠯ ᠳᠤ ᠲᠤᠯᠭᠠᠷᠠᠭᠰᠠᠨ ᠬᠡᠤᠬᠡᠳ ᠤᠨ ᠳᠡᠷᠭᠡᠳᠡ ᠦᠨᠡᠨ ᠬᠦ ᠬᠦᠷᠭᠡᠬᠦ ᠶᠢᠨ ᠲᠥᠯᠥᠭᠡ᠂ 7 ᠰᠠᠷ᠎ᠠ ᠶᠢᠨ 24 ᠤ ᠡᠳᠦᠷ ᠤᠨ ᠦᠳᠡ ᠶᠢᠨ ᠬᠤᠶᠢᠨ᠎ᠠ᠂ ᠬᠤᠰᠢᠭᠤᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠬᠤᠰᠢᠭᠤᠨ ᠤ ᠡᠮᠡᠭᠲᠡᠶᠢᠴᠦᠳ ᠤᠨ ᠬᠤᠯᠪᠤᠭ᠎ᠠ ᠲᠠᠢ ᠬᠠᠮᠲᠤᠷᠠᠨ ᠬᠦᠴᠢᠷᠳᠡᠯ ᠳᠤ ᠲᠤᠯᠭᠠᠷᠠᠭᠰᠠᠨ ᠬᠡᠤᠬᠡᠳ ᠢ ᠪᠣᠯᠭᠤᠭᠠᠨ ᠲᠣᠬᠤᠨᠢᠭᠤᠯᠪᠠ᠃    ᠣᠶᠢᠷ᠎ᠠ ᠳᠤ ᠰᠤᠷᠤᠯᠴᠠᠯᠭ᠎ᠠ ᠬᠢᠷᠢ ᠵᠡᠷᠭᠡ ᠪᠠᠶᠢᠨ᠎ᠠ︖ ᠶᠠᠮᠠᠷ ᠨᠢᠭᠡᠨ ᠬᠦᠴᠢᠷ ᠪᠡᠷᠬᠡᠰᠢᠶᠡᠯ ᠲᠣᠬᠢᠶᠠᠯᠳᠤᠭᠰᠠᠨ ᠤᠤ ᠦᠭᠡᠢ ᠤᠤ︖ ᠲᠣᠬᠤᠨᠢᠭᠤᠯᠬᠤ ᠶᠠᠪᠤᠴᠠ ᠳᠤ᠂ ᠤᠯᠠᠨ ᠢᠶᠠᠷ ᠢᠶᠠᠨ ᠬᠡᠦᠬᠡᠳ ᠤᠳ ᠲᠠᠢ ᠳᠣᠲᠣᠨᠣ ᠪᠠᠷ ᠶᠠᠷᠢᠯᠴᠠᠵᠤ᠂ ᠲᠡᠳᠡᠨ ᠤ ᠠᠮᠢᠳᠤᠷᠠᠯ ᠤᠨ ᠪᠠᠶᠢᠳᠠᠯ ᠪᠣᠯᠤᠨ ᠭᠡᠷ ᠪᠦᠯᠢ ᠶᠢᠨ ᠪᠠᠶᠢᠳᠠᠯ ᠢ ᠠᠰᠠᠭᠤᠵᠤ᠂ ᠲᠡᠳᠡᠨ ᠳᠤ ᠲᠣᠬᠤᠨᠢᠭᠤᠯᠬᠤ ᠪᠣᠳᠠᠰ ᠬᠦᠷᠭᠡᠵᠦ᠂ ᠬᠡᠦᠬᠡᠳ ᠤᠳ ᠢ ᠠᠯᠤᠰ ᠬᠡᠳᠤ ᠶᠢᠨ ᠬᠦᠰᠡᠯᠡᠩ ᠢᠲᠡᠭᠡᠯ ᠪᠢᠰᠢᠷᠡᠯ ᠢ ᠪᠤᠢ ᠪᠣᠯᠭᠠᠵᠤ᠂ ᠰᠤᠷᠤᠯᠴᠠᠬᠤ ᠠᠵᠠ ᠲᠣᠬᠢᠶᠠᠯ ᠢ ᠨᠠᠨᠳᠢᠩᠨᠠᠵᠤ᠂ ᠰᠢᠯᠢᠳᠡᠭ ᠠᠮᠵᠢᠯᠲᠠ ᠪᠠᠷ ᠢᠶᠠᠨ ᠡᠬᠡ ᠤᠯᠤᠰ ᠤᠨ ᠢᠶᠠᠨ ᠠᠴᠢ ᠶᠢ ᠬᠠᠷᠢᠭᠤᠯᠵᠤ᠂ ᠨᠡᠶᠢᠭᠡᠮ ᠳᠤ ᠦᠢᠯᠡᠴᠢᠯᠡᠵᠦ᠂ ᠤᠯᠤᠰ ᠣᠷᠣᠨ᠂ ᠨᠡᠶᠢᠭᠡᠮ ᠳᠤ ᠬᠡᠷᠡᠭᠴᠡᠭᠡ ᠲᠠᠢ ᠲᠤᠯᠭᠠᠭᠤᠷᠢ ᠬᠦᠴᠦᠨ ᠪᠣᠯᠤᠭᠠᠷᠠᠢ ᠭᠡᠵᠦ ᠵᠣᠷᠢᠭᠵᠢᠭᠤᠯᠪᠠ᠃    ᠲᠣᠰ ᠤᠳᠠᠭᠠᠨ ᠤ ᠲᠣᠬᠤᠨᠢᠭᠤᠯᠬᠤ ᠠᠵᠢᠯᠯᠠᠭ᠎ᠠ ᠨᠢ ᠬᠡᠤᠬᠡᠳ ᠲᠤ ᠡᠳ᠋ ᠪᠣᠳᠠᠰ ᠤᠨ ᠬᠠᠪᠰᠤᠷᠤᠯᠭ᠎ᠠ ᠦᠵᠡᠭᠦᠯᠦᠭᠰᠡᠨ ᠢᠶᠠᠷ ᠪᠠᠷᠠᠬᠤ ᠥᠬᠡᠶ᠂ ᠨᠠᠩ ᠴᠤ ᠣᠶᠤᠨ ᠰᠠᠨᠠᠭᠠᠨ ᠤ ᠲᠠᠯ᠎ᠠ ᠪᠠᠷ ᠲᠠᠶᠢᠳᠬᠤᠷᠠᠭᠤᠯᠵᠤ ᠵᠣᠷᠢᠭᠵᠢᠭᠤᠯᠤᠭᠰᠠᠨ ᠪᠠᠶᠢᠨ᠎ᠠ᠃ ᠤᠯᠠᠨ ᠤ ᠬᠠᠶᠢᠷ᠎ᠠ ᠬᠠᠯᠠᠮᠵᠢ ᠪᠠ ᠬᠠᠨᠢ ᠨᠥᠬᠦᠷ᠂ ᠠᠪᠤ ᠡᠵᠢ ᠶᠢᠨ ᠢᠶᠠᠨ ᠤᠷᠳᠤ ᠬᠤᠭᠤᠴᠠᠭ᠎ᠠ ᠪᠠᠷ ᠳᠤᠲᠠᠭᠳᠠᠵᠤ ᠪᠠᠶᠢᠭ᠎ᠠ ᠡᠳᠡᠭᠡᠷ ᠬᠡᠦᠬᠡᠳ ᠤᠳ ᠲᠤ ᠨᠡᠶᠢᠭᠡᠮ ᠤᠨ ᠬᠠᠶᠢᠷ᠎ᠠ ᠬᠠᠯᠠᠮᠵᠢ ᠶᠢ ᠬᠦᠷᠲᠡᠭᠡᠵᠡᠢ᠃ ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠬᠡᠷ ᠲᠡᠭᠡᠨ ᠬᠤᠴᠣᠷᠤᠭᠰᠠᠨ ᠬᠡᠤᠬᠡᠳ ᠢ ᠬᠠᠯᠠᠮᠵᠢᠯᠠᠨ ᠬᠠᠶᠢᠷᠠᠯᠠᠬᠤ ᠦᠶ᠋ᠯᠡᠴᠢᠯᠡᠭᠡᠨ ᠤ ᠠᠵᠢᠯᠯᠠᠭ᠎ᠠ ᠶᠢ ᠦᠷᠭᠦᠯᠵᠢᠯᠡᠨ ᠰᠠᠶᠢᠲᠤᠷ ᠥᠷᠨᠢᠭᠦᠯᠬᠦ ᠶᠢᠨ ᠬᠠᠮᠲᠤ ᠪᠠᠰᠠ ᠨᠠᠩ ᠣᠯᠠᠨ ᠨᠡᠶᠢᠭᠡᠮ ᠤᠨ ᠬᠠᠶᠢᠷ᠎ᠠ ᠬᠠᠯᠠᠮᠵᠢ ᠲᠠᠢ ᠬᠥᠮᠦᠰ ᠬᠠᠮᠲᠤ ᠪᠠᠷ ᠬᠡᠷ ᠲᠡᠭᠡᠨ ᠬᠤᠴᠣᠷᠤᠭᠰᠠᠨ ᠬᠡᠤᠬᠡᠳ ᠢ ᠠᠩᠬᠠᠷᠴᠤ᠂ ᠬᠠᠯᠠᠮᠵᠢᠯᠠᠵᠤ᠂ ᠬᠠᠯᠠᠮᠵᠢᠯᠠᠬᠤ ᠶᠢ ᠤᠷᠢᠶᠠᠯᠠᠵᠤ᠂ ᠲᠡᠳᠡᠨ ᠳᠤ ᠨᠠᠩ ᠣᠯᠠᠨ ᠬᠠᠶᠢᠷ᠎ᠠ ᠬᠠᠯᠠᠮᠵᠢ᠂ ᠬᠠᠶᠢᠷ᠎ᠠ ᠬᠠᠯᠠᠮᠵᠢ ᠶᠢ ᠠᠪᠴᠢᠷᠠᠵᠤ᠂ ᠲᠡᠳᠡᠨ ᠤ ᠬᠤᠶᠢᠰᠢᠳᠠ ᠶᠢᠨ ᠠᠮᠢᠳᠤᠷᠠᠯ ᠳᠤᠮᠳᠠ ᠡᠷᠡᠭᠦᠯ ᠴᠢᠭᠢᠷᠠᠭ ᠢᠳᠡᠷᠡᠭᠦᠨ ᠢᠶᠠᠷ ᠦᠰᠦᠨ ᠪᠤᠶᠢᠵᠢᠬᠤ ᠳᠤ ᠬᠦᠴᠦᠨ ᠨᠡᠮᠡᠷᠢᠯᠡᠬᠦ ᠶᠢ ᠤᠷᠢᠶᠠᠯᠠᠪᠠ᠃
 
ᠢᠷᠡᠯᠲᠡ᠄ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号