ᠲᠦᠮᠡᠳ ᠵᠡᠭᠦᠨ ᠬᠤᠰᠢᠭᠤᠨ ᠤ ᠴᠠᠭ ᠠᠭᠤᠷ ᠤᠨ ᠬᠤᠷᠢᠶ᠎ᠠ ᠴᠢᠩᠭ᠎ᠠ ᠰᠣᠯᠢᠭ ᠣᠷᠤᠰᠬᠠᠯ ᠤᠨ ᠬᠥᠬᠡ ᠥᠩᠭᠡ ᠶᠢᠨ ᠰᠡᠷᠡᠮᠵᠢ ᠶᠢᠨ ᠳᠣᠬᠢᠶ᠎ᠠ ᠨᠡᠢᠲᠡᠯᠡᠪᠡ︕
ᠨᠡᠶᠢᠲᠡᠯᠡᠭᠰᠡᠨ ᠴᠠᠭ᠄
2024/7/25
   ᠲᠦᠮᠡᠳ ᠵᠡᠭᠦᠨ ᠬᠤᠰᠢᠭᠤᠨ ᠤ ᠴᠠᠭ ᠠᠭᠤᠷ ᠤᠨ ᠬᠤᠷᠢᠶ᠎ᠠ 7 ᠰᠠᠷ᠎ᠠ ᠶᠢᠨ 24 ᠤ ᠡᠳᠦᠷ ᠴᠢᠩᠭ᠎ᠠ ᠰᠣᠯᠢᠭ ᠣᠷᠤᠰᠬᠠᠯ ᠤᠨ ᠬᠥᠬᠡ ᠥᠩᠭᠡ ᠶᠢᠨ ᠰᠡᠷᠡᠮᠵᠢ ᠶᠢᠨ ᠳᠣᠬᠢᠶ᠎ᠠ ᠨᠡᠶᠢᠲᠡᠯᠡᠬᠦ ᠳᠤ ᠪᠠᠨ᠄ ᠵᠢᠱᠢᠯᠲᠡ ᠪᠠᠷ 7 ᠰᠠᠷ᠎ᠠ ᠶᠢᠨ 24 ᠤ ᠡᠳᠦᠷ ᠠᠴᠠ ᠰᠥᠨᠢ ᠪᠣᠯᠲᠠᠯ᠎ᠠ᠂ ᠪᠦᠬᠦ  ᠬᠤᠰᠢᠭᠤᠨ ᠤ ᠶᠡᠬᠡᠩᠬᠢ ᠭᠠᠵᠠᠷ ᠲᠤ ᠳᠤᠮᠳᠠ ᠠᠴᠠ ᠶᠡᠭᠡ ᠪᠣᠷᠣᠭᠠᠨ ᠣᠷᠣᠨ᠎ᠠ᠂ ᠠᠶᠤᠩᠭᠠᠲᠤ ᠪᠣᠷᠣᠭᠠᠨ ᠣᠷᠣᠵᠤ ᠶᠡᠭᠡ ᠰᠠᠯᠬᠢ  ᠰᠠᠯᠬᠢᠯᠠᠨ᠎ᠠ᠂ ᠡᠭᠦᠨ ᠳᠤ ᠤᠮᠠᠷᠠᠲᠤ ᠬᠡᠰᠡᠭ ᠤᠨ ᠠᠭᠤᠯᠠ ᠳᠠᠭᠠᠤ ᠣᠷᠣᠨ ᠳᠤ ᠣᠬᠤᠷ ᠬᠤᠭᠤᠴᠠᠭᠠᠨ ᠤ  ᠰᠢᠷᠦᠬᠦᠨ ᠪᠣᠷᠣᠭᠠᠨ ᠣᠷᠣᠵᠤ᠂ ᠠᠩᠬᠠᠷᠤᠨ  ᠰᠡᠷᠭᠡᠶᠢᠯᠡᠭᠡᠷᠡᠢ᠃
     ᠤᠷᠢᠳᠴᠢᠯᠠᠨ ᠬᠤᠷᠢᠭᠯᠠᠬᠤ ᠠᠷᠭ᠎ᠠ ᠠᠪᠴᠢᠯ᠄    1. ᠵᠠᠰᠠᠭ ᠤᠨ ᠣᠷᠲᠣᠠ ᠪᠠ ᠬᠤᠯᠪᠤᠬᠲᠠᠯ ᠪᠦᠭᠦᠢ ᠰᠠᠯᠠᠭ᠎ᠠ ᠮᠦᠴᠢᠷ ᠡᠭᠦᠷᠭᠡ ᠬᠠᠷᠢᠭᠤᠴᠠᠯᠭ᠎ᠠ  ᠪᠠᠨ ᠣᠢᠠᠲᠣᠰᠣᠯᠠᠨ ᠣᠬᠤᠷ ᠴᠠᠭ ᠤᠨ ᠰᠢᠷᠦᠭᠦᠨ ᠪᠤᠷᠣᠭᠠᠨ᠂ ᠠᠶᠣᠩᠭ᠎ᠠ ᠪᠠ  ᠶᠡᠭᠡ ᠰᠠᠯᠬᠢ ᠶᠢ ᠰᠡᠷᠭᠡᠶᠢᠯᠡᠬᠦ ᠠᠵᠢᠯ ᠢ ᠰᠠᠶᠢᠲᠤᠷ ᠬᠢᠨ᠎ᠡ᠃    2. ᠭᠡᠷ ᠤᠨ ᠭᠠᠳᠠᠨ᠎ᠠ ᠶᠠᠪᠠᠭᠠᠨ ᠬᠥᠮᠥᠨ ᠪᠠ ᠠᠵᠢᠯᠲᠠᠨ ᠢ  ᠪᠠᠭᠠᠰᠬᠠᠨ᠎ᠠ᠃    3. ᠭᠡᠷ ᠤᠨ ᠵᠢᠭᠦᠷᠲᠡᠨ᠂ ᠮᠠᠯ ᠤᠨᠤᠭ᠎ᠠ ᠶᠢ  ᠬᠠᠯᠬᠠᠪᠴᠢ ᠲᠠᠢ ᠭᠠᠵᠠᠷ ᠲᠤ ᠣᠷᠣᠭᠤᠯᠵᠤ᠂ ᠡᠭᠦᠳᠡ ᠴᠣᠩᠬᠤ ᠪᠠᠨ ᠬᠠᠭᠠᠵᠤ᠂ ᠬᠠᠰᠢᠶ᠎ᠠ ᠰᠠᠷᠠᠪᠴᠢ ᠪᠠᠨ ᠪᠠᠬᠢᠯᠡᠨ᠎ᠡ᠃    4. ᠨᠢᠰᠬᠡᠯ ᠤᠨ ᠪᠠᠭᠤᠳᠠᠯ᠂ ᠲᠡᠮᠦᠷ ᠵᠠᠮ᠂  ᠦᠨᠳᠦᠷ ᠬᠤᠷᠳᠤᠴᠠᠲᠤ ᠵᠠᠰᠠᠮᠠᠯ ᠵᠠᠮ ᠵᠡᠷᠭᠡ ᠨᠢᠭᠡᠴᠡ ᠨᠦᠭᠦᠳ ᠨᠢᠰᠦᠯᠲᠡ ᠶᠢᠨ ᠬᠤᠷᠳᠤᠴᠠ ᠶᠢ ᠬᠢᠵᠠᠭᠠᠷᠯᠠᠬᠤ ᠪᠤᠶᠤ ᠲᠦᠷ ᠴᠠᠭ ᠬᠠᠭᠠᠬᠤ ᠵᠡᠷᠭᠡ ᠠᠷᠭ᠎ᠠ ᠬᠡᠮᠵᠢᠶ᠎ᠡ ᠠᠪᠴᠤ ᠠᠵᠢᠯᠲᠠᠨ ᠪᠣᠯᠤᠨ ᠵᠠᠮ ᠬᠠᠷᠢᠯᠴᠠᠭᠠᠨ ᠤ ᠠᠮᠤᠷ ᠲᠦᠪᠰᠢᠨ ᠢ ᠪᠠᠲᠤᠯᠠᠬᠤ ᠬᠡᠷᠡᠭᠲᠡᠶ᠃
 
ᠢᠷᠡᠯᠲᠡ᠄ ᠲᠦᠮᠡᠳ ᠵᠡᠭᠦᠨ ᠬᠤᠰᠢᠭᠤᠨ ᠤ ᠬᠠᠮ ᠵᠠᠭᠤᠴᠢᠯᠠᠭᠤᠷ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号