ᠲᠦᠮᠡᠳ ᠵᠡᠭᠦᠨ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ 2024 ᠣᠨ ᠤ ᠬᠤᠶᠠᠳᠤᠭᠠᠷ ᠤᠯᠠᠷᠢᠯ ᠤᠨ ᠡᠯ᠎ᠡ ᠲᠤᠰᠬᠠᠶ ᠮᠡᠷᠭᠡᠵᠢᠯ ᠤᠨ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠬᠢᠨᠠᠨ ᠪᠠᠶᠢᠴᠠᠭᠠᠬᠤ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2024/7/25
    ᠲᠤᠭ᠎ᠠ ᠪᠦᠷᠢᠳᠬᠡᠯ ᠤᠨ ᠡᠬᠢ ᠰᠤᠷᠪᠤᠯᠵᠢ ᠶᠢᠨ ᠲᠤᠭ᠎ᠠ ᠪᠠᠷᠢᠮᠲᠠ ᠶᠢᠨ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠵᠤ ᠠᠬᠤᠶᠢᠯᠠᠯ ᠤᠨ ᠲᠤᠭ᠎ᠠ ᠪᠦᠷᠢᠳᠬᠡᠯ ᠤᠨ ᠠᠵᠢᠯᠯᠠᠭ᠎ᠠ ᠶᠢ ᠵᠢᠷᠤᠮᠵᠢᠭᠤᠯᠤᠨ ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠶᠢᠨ ᠲᠥᠯᠥᠭᠡ᠂ 7 ᠰᠠᠷ᠎ᠠ ᠶᠢᠨ 23 ᠤ ᠡᠳᠦᠷ᠂ ᠲᠦᠮᠡᠳ ᠵᠡᠭᠦᠨ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ 2024 ᠣᠨ ᠤ ᠬᠤᠶᠠᠳᠤᠭᠠᠷ ᠤᠯᠠᠷᠢᠯ ᠤᠨ ᠠᠵᠤ ᠦᠢᠯᠡᠳᠪᠦᠷᠢ᠂ ᠪᠠᠯᠠ ᠣᠷᠣᠭᠤᠯᠤᠯᠲᠠ᠂ ᠠᠷᠠᠯᠵᠢᠶ᠎ᠠ ᠵᠡᠷᠭᠡ ᠡᠯ᠎ᠡ ᠲᠤᠰᠬᠠᠶ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠬᠢᠨᠠᠨ ᠪᠠᠶᠢᠴᠠᠭᠠᠬᠤ ᠠᠵᠢᠯ ᠢ ᠥᠷᠨᠢᠭᠦᠯᠪᠡ᠃    ᠡᠯ᠎ᠡ ᠬᠢᠨᠠᠨ ᠪᠠᠶᠢᠴᠠᠭᠠᠬᠤ ᠳᠤᠭᠤᠶᠢᠯᠠᠩ ᠲᠤᠬᠠᠶ ᠶᠢᠨ ᠭᠠᠵᠠᠷ ᠲᠤᠨᠢ ᠬᠢᠨᠠᠨ ᠪᠠᠶᠢᠴᠠᠭᠠᠬᠤ ᠠᠷᠭ᠎ᠠ ᠮᠠᠶ᠋ᠢᠭ ᠢ ᠠᠪᠴᠤ᠂ ᠠᠵᠤ ᠠᠬᠤᠶᠢᠯᠠᠯ ᠤᠨ ᠭᠠᠶᠢᠯᠢ ᠶᠢᠨ ᠶᠠᠪᠤᠳᠠᠯ ᠤᠨ ᠮᠡᠳᠡᠭᠦᠯᠬᠦ ᠬᠦᠰᠦᠨᠦᠭᠲᠦ᠂ ᠠᠰᠢᠭ ᠬᠤᠨᠵᠢᠪᠣᠷᠢ ᠶᠢᠨ ᠬᠦᠰᠦᠨᠦᠭᠲᠦ ᠵᠡᠷᠭᠡ ᠬᠠᠮᠢᠶ᠎ᠠ ᠪᠥᠬᠦᠶ ᠮᠡᠳᠡᠭᠦᠯᠬᠦ ᠬᠦᠰᠦᠨᠦᠭᠲᠦ ᠶᠢᠨ ᠲᠤᠭ᠎ᠠ ᠪᠠᠷᠢᠮᠲᠠ ᠶᠢ ᠪᠠᠶᠢᠴᠠᠭᠠᠨ ᠦᠵᠡᠬᠦ ᠪᠠᠷ ᠳᠠᠮᠵᠢᠨ᠂ ᠲᠠᠪᠴᠠᠩ ᠤᠨ ᠳᠡᠭᠡᠭᠰᠢ ᠮᠡᠳᠡᠭᠦᠯᠦᠭᠰᠡᠨ ᠪᠣᠷᠣᠯᠠᠭᠤᠯᠤᠯᠲᠠ ᠶᠢᠨ ᠨᠣᠷᠮ᠎ᠠ᠂ ᠡᠵᠡᠩᠨᠡᠯᠲᠡ ᠶᠢᠨ ᠣᠷᠣᠯᠭ᠎ᠠ ᠵᠡᠷᠭᠡ ᠴᠢᠬᠤᠯᠠ ᠬᠦᠢᠴᠡᠳᠭᠡᠯ ᠲᠤᠭ᠎ᠠ ᠲᠠᠢ ᠬᠠᠷᠭᠤᠭᠤᠯᠤᠨ ᠬᠠᠷᠭᠤᠭᠤᠯᠵᠤ᠂ 2024 ᠣᠨ ᠤ ᠬᠤᠶᠠᠳᠤᠭᠠᠷ ᠤᠯᠠᠷᠢᠯ ᠤᠨ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠲᠠᠢ ᠨᠡᠶᠢᠴᠡᠬᠦ ᠡᠰᠡᠬᠦ᠂ ᠠᠩᠬᠠᠨ ᠤ ᠭᠡᠷᠡᠴᠢ ᠮᠠᠲ᠋ᠧᠷᠢᠶᠠᠯ ᠨᠢ ᠦᠨᠡᠨ ᠪᠣᠳᠠᠲᠠᠶ ᠪᠠᠶᠢᠬᠤ ᠡᠰᠡᠬᠦ᠂ ᠲᠤᠭ᠎ᠠ ᠪᠦᠷᠢᠳᠬᠡᠯ ᠤᠨ ᠡᠬᠡ ᠲᠠᠩᠰᠠ ᠶᠢ ᠲᠠᠭᠯᠠᠭᠰᠠᠨ ᠡᠰᠡᠬᠦ ᠨᠢ ᠪᠦᠷᠢᠨ ᠪᠦᠲᠦᠨ ᠵᠢᠷᠤᠮᠵᠢᠯ ᠲᠠᠢ ᠪᠠᠶᠢᠬᠤ ᠡᠰᠡᠬᠦ ᠵᠡᠷᠭᠡ ᠲᠠᠯ᠎ᠠ ᠪᠠᠷ ᠭᠤᠤᠯᠳᠠᠯᠭ᠎ᠠ ᠲᠠᠢ ᠬᠢᠨᠠᠨ ᠪᠠᠶᠢᠴᠠᠭᠠᠪᠠ᠃ ᠠᠵᠤ ᠠᠬᠤᠶᠢᠯᠠᠯ ᠢ ᠬᠠᠤᠯᠢ ᠲᠣᠭᠲᠠᠭᠠᠯ ᠶᠣᠰᠣᠭᠠᠷ ᠴᠢᠩᠭ᠎ᠠ ᠪᠦᠷᠢᠳᠬᠡᠵᠦ᠂ ᠲᠤᠭ᠎ᠠ ᠪᠦᠷᠢᠳᠬᠡᠯ ᠤᠨ ᠡᠬᠡ ᠲᠠᠩᠰᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠲᠤᠭ᠎ᠠ ᠪᠠᠷᠢᠮᠲᠠ ᠲᠠᠢ᠂ ᠦᠨᠡᠨ ᠪᠣᠳᠠᠲᠠᠶ ᠪᠠᠷ ᠪᠤᠰᠤᠳᠴᠢ ᠪᠠᠷ ᠠᠵᠤ ᠠᠬᠤᠶᠢᠯᠠᠯ ᠤᠨ ᠡᠵᠡᠩᠨᠡᠯᠲᠡ ᠶᠢᠨ ᠪᠠᠶᠢᠳᠠᠯ ᠢ ᠲᠤᠰᠬᠠᠬᠤ ᠬᠡᠷᠡᠭᠲᠡᠶ ᠭᠡᠵᠦ ᠱᠠᠭᠠᠷᠳᠠᠪᠠ᠃    ᠲᠣᠰ ᠤᠳᠠᠭᠠᠨ ᠤ ᠲᠤᠬᠠᠶ ᠶᠢᠨ ᠭᠠᠵᠠᠷ ᠲᠤᠨᠢ ᠬᠠᠷᠭᠤᠭᠤᠯᠤᠨ ᠪᠠᠶᠢᠴᠠᠭᠠᠬᠤ ᠠᠵᠢᠯ ᠨᠢ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠬᠢᠭᠡᠳ ᠠᠵᠤ ᠠᠬᠤᠶᠢᠯᠠᠯ ᠤᠨ ᠨᠡᠪᠲᠡᠷᠡᠯᠴᠡᠭᠡ ᠰᠣᠯᠢᠯᠴᠠᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠠᠵᠤ ᠠᠬᠤᠶᠢᠯᠠᠯ ᠤᠨ ᠲᠤᠭ᠎ᠠ ᠪᠦᠷᠢᠳᠬᠡᠯ ᠤᠨ ᠠᠵᠢᠯᠲᠠᠨ ᠤ ᠲᠤᠭ᠎ᠠ ᠪᠦᠷᠢᠳᠬᠡᠯ ᠤᠨ ᠠᠵᠢᠯ ᠤᠨ ᠴᠢᠬᠤᠯᠠ ᠴᠢᠨᠠᠷ ᠤᠨ ᠲᠤᠬᠠᠶ ᠲᠠᠨᠢᠯᠲᠠ ᠶᠢ ᠳᠡᠭᠡᠭᠰᠢᠯᠡᠭᠦᠯᠦᠨ᠂ ᠬᠠᠤᠯᠢ ᠶᠣᠰᠣᠭᠠᠷ ᠪᠦᠷᠢᠳᠬᠡᠬᠦ᠂ ᠬᠠᠤᠯᠢ ᠶᠣᠰᠣᠭᠠᠷ ᠨᠢᠭᠡᠳᠦᠯᠲᠡᠶ ᠬᠠᠮᠢᠶᠠᠷᠬᠤ ᠦᠵᠡᠯ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠲᠠᠷᠠᠭᠠᠴᠢ ᠶᠢᠨ ᠠᠯᠬᠤᠮ ᠳᠤ᠂ ᠲᠦᠮᠡᠳ ᠵᠡᠭᠦᠨ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ ᠠᠵᠤ ᠠᠬᠤᠶᠢᠯᠠᠯ ᠳᠤ ᠦᠷᠭᠦᠯᠵᠢᠯᠡᠨ ᠭᠦᠨᠵᠡᠭᠡᠶᠢᠷᠡᠨ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢ ᠬᠠᠷᠭᠤᠭᠤᠯᠤᠨ ᠪᠠᠶᠢᠴᠠᠭᠠᠬᠤ ᠡᠷᠴᠢᠮ ᠵᠢᠴᠢ ᠲᠤᠭ᠎ᠠ ᠪᠦᠷᠢᠳᠬᠡᠯ ᠤᠨ ᠲᠤᠬᠠᠶᠢᠯᠠᠭᠰᠠᠨ ᠠᠵᠢᠯ ᠤᠨ ᠵᠢᠯᠣᠭᠤᠳᠣᠯᠭ᠎ᠠ ᠶᠢ ᠴᠢᠩᠭᠠᠷᠠᠭᠤᠯᠵᠤ᠂ ᠲᠦᠮᠡᠳ ᠵᠡᠭᠦᠨ ᠬᠤᠰᠢᠭᠤᠨ ᠤ ᠲᠤᠭ᠎ᠠ ᠪᠦᠷᠢᠳᠬᠡᠯ ᠤᠨ ᠡᠬᠢ ᠡᠭᠦᠰᠦᠯ ᠤᠨ ᠲᠤᠭ᠎ᠠ ᠪᠠᠷᠢᠮᠲᠠ ᠶᠢᠨ ᠪᠥᠬᠦ ᠲᠠᠯ᠎ᠠ ᠶᠢᠨ᠂ ᠦᠨᠡᠨ ᠪᠣᠳᠠᠲᠠᠶ᠂ ᠪᠦᠲᠦᠮᠵᠢᠲᠡᠶ ᠪᠠᠶᠢᠬᠤ ᠶᠢ ᠪᠠᠲᠤᠯᠠᠨ᠎ᠠ᠃
 
ᠢᠷᠡᠯᠲᠡ᠄ ᠲᠤᠭ᠎ᠠ ᠪᠦᠷᠢᠳᠬᠡᠯ ᠤᠨ ᠲᠣᠪᠴᠢᠶ᠎ᠠ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号