ᠲᠦᠮᠡᠳ ᠵᠡᠭᠦᠨ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠮᠤᠷ ᠲᠦᠪᠰᠢᠨ ᠢ ᠬᠢᠨᠠᠨ ᠵᠢᠯᠣᠭᠤᠳᠴᠤ ᠪᠠᠶᠢᠴᠠᠭᠠᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2024/7/25
   ᠮᠠᠨ ᠤ ᠬᠤᠰᠢᠭᠤᠨ ᠤ ᠡᠮᠨᠡᠯᠭᠡ ᠶᠢᠨ ᠬᠤᠷᠢᠶᠠᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠡᠯ᠎ᠡ ᠲᠥᠷᠥᠯ ᠤᠨ ᠬᠡᠷᠡᠭ ᠡᠭᠦᠰᠬᠦ ᠶᠢ ᠰᠡᠷᠭᠡᠶᠢᠯᠡᠨ ᠬᠤᠷᠢᠭᠯᠠᠬᠤ ᠶᠢᠨ ᠲᠥᠯᠥᠭᠡ᠂ ᠣᠶᠢᠷ᠎ᠠ ᠳᠤ᠂ ᠲᠦᠮᠡᠳ ᠵᠡᠭᠦᠨ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠲᠦᠮᠡᠳ ᠵᠡᠭᠦᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠲᠠᠢ ᠬᠠᠮᠲᠤᠷᠠᠨ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ᠂ ᠬᠤᠰᠢᠭᠤᠨ ᠤ ᠬᠢᠲᠠᠳ ᠮᠣᠩᠭᠤᠯ  ᠡᠮᠨᠡᠯᠭᠡ ᠶᠢᠨ ᠬᠤᠷᠢᠶ᠎ᠠ ᠳᠤ ᠠᠮᠤᠷ ᠲᠦᠪᠰᠢᠨ ᠤ ᠪᠠᠶᠢᠴᠠᠭᠠᠯᠲᠠ ᠥᠷᠨᠢᠭᠦᠯᠪᠡ᠃    ᠪᠠᠶᠢᠴᠠᠭᠠᠯᠲᠠ ᠶᠢᠨ ᠳᠤᠮᠳᠠ᠂ ᠡᠮᠨᠡᠯᠭᠡ ᠶᠢᠨ ᠬᠤᠷᠢᠶᠠᠨ ᠤ ᠳᠤᠲᠤᠷ᠎ᠠ ᠵᠢᠴᠢ ᠡᠷᠭᠢᠨ ᠲᠣᠭᠤᠷᠢᠨ ᠤ ᠠᠮᠤᠷ ᠲᠦᠪᠰᠢᠨ ᠤ ᠪᠠᠶᠢᠳᠠᠯ ᠢ ᠨᠠᠷᠢᠨ ᠣᠶᠢᠯᠠᠭᠠᠵᠤ᠂ ᠭᠤᠤᠯᠳᠠᠭᠤ ᠡᠯ᠎ᠡ ᠡᠮᠨᠡᠯᠭᠡ ᠶᠢᠨ ᠬᠤᠷᠢᠶᠠᠨ ᠤ ᠣᠳᠣᠬᠠᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠪᠠᠭᠠᠵᠢ ᠬᠡᠷᠡᠭᠰᠡᠯ᠂ ᠬᠢᠨᠠᠨ ᠡᠵᠡᠮᠳᠡᠬᠦ ᠲᠥᠬᠦᠭᠡᠷᠦᠮᠵᠢ᠂ ᠭᠡᠨᠡᠳᠲᠡ ᠶᠢᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠵᠡᠷᠭᠡ ᠪᠣᠳᠠᠰ ᠤᠨ ᠰᠡᠷᠭᠡᠶᠢᠯᠡᠯᠲᠡ ᠶᠢᠨ ᠮᠡᠷᠭᠡᠵᠢᠯ ᠤᠨ ᠰᠡᠷᠭᠡᠶᠢᠯᠡᠯᠲᠡ ᠶᠢᠨ ᠲᠥᠬᠦᠭᠡᠷᠦᠮᠵᠢ ᠵᠢᠴᠢ ᠡᠯ᠎ᠡ ᠵᠦᠢᠯ ᠤᠨ ᠰᠡᠷᠭᠡᠶᠢᠯᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠣᠭᠤᠷᠢᠨ ᠳᠤ ᠭᠤᠤᠯᠳᠠᠭᠤᠯᠤᠨ᠎ᠠ᠃ ᠡᠭᠦᠨ ᠤ ᠬᠠᠮᠲᠤ ᠪᠠᠶᠢᠴᠠᠭᠠᠭᠰᠠᠨ ᠪᠠᠶᠢᠳᠠᠯ ᠢᠶᠠᠨ ᠦᠨᠳᠦᠰᠦᠯᠡᠨ ᠪᠣᠳᠠᠲᠠᠶ ᠠᠵᠢᠯ ᠤᠨ ᠰᠠᠨᠠᠯ ᠢᠶᠠᠨ ᠳᠤᠷᠠᠳᠴᠤ᠂ ᠪᠠᠶᠢᠴᠠᠭᠠᠯᠲᠠ ᠶᠢᠨ ᠳᠤᠮᠳᠠ ᠣᠯᠵᠤ ᠮᠡᠳᠡᠭᠰᠡᠨ ᠠᠰᠠᠭᠤᠳᠠᠯ ᠤᠨ ᠳᠠᠯᠳᠠ ᠭᠡᠮ ᠳᠤ᠂ ᠪᠠᠶᠢᠴᠠᠭᠠᠬᠤ ᠳᠤᠭᠤᠶᠢᠯᠠᠩ ᠤᠨ ᠠᠵᠢᠯᠲᠠᠳ ᠲᠤᠬᠠᠶ ᠶᠢᠨ ᠲᠠᠯᠠᠪᠠᠶ ᠳᠤ ᠴᠡᠭᠴᠡᠯᠡᠨ ᠰᠠᠶᠢᠵᠢᠷᠠᠭᠤᠯᠬᠤ ᠲᠣᠳᠣᠷᠬᠠᠶ ᠱᠠᠭᠠᠷᠳᠠᠯᠭ᠎ᠠ ᠳᠤᠷᠠᠳᠴᠠᠶ᠃ ᠡᠭᠦᠨ ᠤ ᠬᠠᠮᠲᠤ ᠡᠮᠨᠡᠯᠭᠡ ᠶᠢᠨ ᠬᠤᠷᠢᠶᠠᠨ ᠤ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠩᠭᠤ ᠥᠷᠨᠢᠭᠦᠯᠬᠦ ᠶᠢ ᠱᠠᠭᠠᠷᠳᠠᠵᠤ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠲᠠᠢ ᠵᠣᠬᠢᠴᠠᠭᠤᠯᠤᠨ ᠬᠠᠮᠵᠢᠯᠴᠠᠵᠤ᠂ ᠡᠮᠨᠡᠯᠭᠡ ᠶᠢᠨ ᠬᠤᠷᠢᠶᠠᠨ ᠤ ᠬᠡᠪ ᠤᠨ ᠡᠮᠬᠢ ᠵᠢᠷᠤᠮ ᠢ ᠬᠠᠮᠲᠤ ᠪᠠᠷ ᠬᠠᠮᠠᠭᠠᠯᠠᠪᠠ᠃    ᠲᠠᠷᠠᠭᠠᠴᠢ ᠶᠢᠨ ᠠᠯᠬᠤᠮ ᠳᠤ᠂ ᠲᠦᠮᠡᠳ ᠵᠡᠭᠦᠨ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠮᠤᠷ ᠢ ᠬᠠᠮᠠᠭᠠᠯᠠᠬᠤ ᠠᠵᠢᠯᠲᠠᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠮᠡᠳᠡᠯᠭᠡ ᠶᠢᠨ ᠪᠣᠯᠪᠠᠰᠤᠷᠠᠯ ᠢ ᠲᠠᠰᠤᠷᠠᠯᠲᠠ ᠥᠬᠡᠶ ᠴᠢᠩᠭᠠᠳᠬᠠᠵᠤ᠂ ᠠᠵᠢᠯᠲᠠᠨ ᠤ ᠠᠮᠤᠷ ᠲᠦᠪᠰᠢᠨ ᠤ ᠤᠬᠠᠮᠰᠠᠷ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠷᠬᠦ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠵᠦ᠂ ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠪᠠ ᠠᠵᠢᠯ ᠤᠨ ᠪᠠᠶᠢᠷᠢ ᠶᠢᠨ ᠬᠠᠷᠢᠭᠤᠴᠠᠯᠭ᠎ᠠ ᠶᠢᠨ ᠲᠦᠷᠢᠮ ᠢ ᠦᠨᠡᠨ ᠬᠦ ᠭᠦᠢᠴᠡᠳᠭᠡᠵᠦ᠂ ᠡᠯ᠎ᠡ ᠵᠦᠢᠯ ᠤᠨ ᠠᠵᠢᠯ ᠤᠨ ᠲᠣᠭᠲᠠᠭᠤᠨ᠂ ᠡᠮᠬᠢ ᠵᠢᠷᠤᠮ ᠲᠠᠢ᠂ ᠠᠮᠤᠷ ᠲᠦᠪᠰᠢᠨ ᠢᠶᠠᠷ ᠥᠷᠨᠢᠬᠦ ᠶᠢ ᠦᠨᠡᠨ ᠬᠦ ᠪᠠᠲᠤᠯᠠᠵᠤ᠂ ᠠᠮᠤᠷ ᠲᠦᠪᠰᠢᠨ ᠡᠶ᠎ᠡ ᠵᠣᠬᠢᠴᠠᠩᠭᠤᠶ ᠡᠮᠴᠢᠯᠡᠭᠡᠨ ᠤ  ᠦᠢᠯᠡᠴᠢᠯᠡᠭᠡᠨ ᠤ ᠣᠷᠴᠢᠨ ᠲᠣᠭᠤᠷᠢᠨ ᠢ ᠪᠣᠶ ᠪᠣᠯᠭᠠᠨ᠎ᠠ᠃
 
ᠢᠷᠡᠯᠲᠡ᠄ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号