ᠲᠦᠮᠡᠳ ᠵᠡᠭᠦᠨ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢᠨ ᠨᠡᠶᠢᠭᠡᠮ ᠨᠡᠶᠢᠲᠡ ᠠᠴᠠ ᠬᠥᠳᠡᠭᠡ ᠲᠣᠰᠬᠤᠨ ᠤ ᠠᠶᠠᠨᠴᠢᠳ ᠤᠨ ᠲᠡᠭᠡᠭᠡᠪᠦᠷᠢ ᠶᠢᠨ ᠡᠵᠡᠩᠨᠡᠭᠴᠢ ᠶᠢ ᠢᠯᠡ ᠪᠠᠷ ᠡᠯᠰᠡᠬᠦ ᠲᠤᠬᠠᠶ ᠠᠯᠪᠠᠨ ᠵᠠᠷ
ᠨᠡᠶᠢᠲᠡᠯᠡᠭᠰᠡᠨ ᠴᠠᠭ᠄
2024/7/25
    ᠲᠦᠮᠡᠳ ᠵᠡᠭᠦᠨ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠣᠯᠠᠨ ᠲᠦᠮᠡᠨ ᠤ ᠵᠠᠮ ᠬᠠᠷᠢᠯᠴᠠᠭᠠᠨ ᠤ ᠬᠦᠰᠡᠯ ᠱᠠᠭᠠᠷᠳᠠᠯᠭ᠎ᠠ ᠶᠢ ᠢᠳᠡᠪᠬᠢᠲᠡᠶ ᠳᠠᠭᠠᠵᠤ᠂ ᠬᠤᠲᠠ ᠬᠥᠳᠡᠭᠡ ᠶᠢ ᠨᠢᠭᠡ ᠴᠣᠭᠴᠠᠵᠢᠭᠤᠯᠤᠭᠰᠠᠨ ᠠᠶᠠᠨᠴᠢᠳ ᠤᠨ ᠲᠡᠭᠡᠭᠡᠪᠦᠷᠢ ᠶᠢᠨ ᠬᠥᠭᠵᠢᠯᠲᠡ ᠶᠢᠨ ᠪᠠᠶᠢᠷᠢᠰᠢᠯ ᠢ ᠠᠬᠢᠭᠤᠯᠵᠤ᠂ ᠠᠶᠠᠨᠴᠢᠳ ᠤᠨ ᠲᠡᠭᠡᠭᠡᠪᠦᠷᠢ ᠶᠢᠨ ᠡᠭᠡᠯᠵᠢ ᠶᠢᠨ ᠱᠤᠭᠤᠮ ᠢ ᠰᠢᠯᠢᠳᠡᠭᠵᠢᠭᠦᠯᠦᠨ᠂ ᠣᠯᠠᠨ ᠲᠦᠮᠡᠨ ᠤ ᠶᠠᠪᠤᠵᠤ ᠰᠠᠭᠤᠬᠤ ᠶᠢ ᠨᠠᠩ ᠳᠥᠭᠦᠮ ᠳᠥᠲᠡ ᠪᠣᠯᠭᠠᠵᠤ᠂ ᠮᠠᠨ ᠤ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠲᠦᠮᠡᠳ ᠵᠡᠭᠦᠨ ᠬᠤᠰᠢᠭᠤᠨ ᠤ ᠠᠶᠠᠨᠴᠢᠳ ᠤᠨ ᠲᠡᠭᠡᠭᠡᠪᠦᠷᠢ ᠶᠢᠨ ᠵᠠᠬ᠎ᠠ ᠳᠡᠯᠭᠡᠭᠦᠷ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠣᠲᠣ ᠨᠡᠶᠢᠭᠡᠮ ᠳᠤ ᠬᠠᠨᠳᠤᠭᠤᠯᠤᠨ ᠵᠠᠰᠠᠮᠠᠯ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠺᠣᠮᠫᠠᠨᠢ ᠶᠢᠨ ᠮᠠᠨ ᠤ ᠬᠤᠰᠢᠭᠤᠨ ᠳᠤ ᠣᠷᠣᠵᠤ ᠰᠠᠭᠤᠨ᠂ ᠳᠥᠷᠪᠡᠨ ᠵᠦᠭ ᠨᠠᠢᠮᠠᠨ ᠵᠣᠪᠬᠢᠰ ᠲᠤ ᠨᠡᠪᠲᠡᠷᠡᠬᠦ ᠵᠠᠮ ᠬᠠᠷᠢᠯᠴᠠᠭᠠᠨ ᠤ ᠬᠦᠢᠰᠦ ᠶᠢᠨ ᠴᠢᠳᠠᠮᠵᠢ ᠶᠢ ᠢᠳᠡᠪᠬᠢᠲᠡᠶ ᠪᠠᠶᠢᠭᠤᠯᠵᠤ᠂ ᠳᠡᠭᠡᠭᠰᠢᠯᠡᠭᠦᠯᠵᠦ᠂ ᠵᠣᠷᠢᠭᠤᠳᠠ ᠠᠵᠤ ᠠᠬᠤᠶᠢᠯᠠᠯ ︵ᠡᠵᠡᠩᠨᠡᠭᠴᠢᠳ︶ ᠤᠨ ᠢᠳᠡᠪᠬᠢᠲᠡᠶ ᠣᠷᠣᠯᠴᠠᠬᠤ ᠶᠢ ᠪᠠᠶᠠᠷᠯᠠᠨ ᠤᠭᠲᠤᠵᠤ ᠪᠠᠶᠢᠨ᠎ᠠ     ᠪᠣᠳᠠᠲᠠᠶ ᠤᠴᠢᠷ ᠢ ᠳᠣᠤᠷᠠᠬᠢ ᠮᠡᠲᠦ ᠵᠠᠷᠯᠠᠶ᠎ᠠ᠄    ᠨᠢᠭᠡ᠂ ᠲᠦᠮᠡᠳ ᠵᠡᠭᠦᠨ ᠬᠤᠰᠢᠭᠤᠨ ᠤ ᠠᠶᠠᠨᠴᠢᠳ ᠤᠨ ᠵᠥᠭᠡᠭᠡᠪᠦᠷᠢ ᠶᠢᠨ ᠦᠨᠳᠦᠰᠦᠨ ᠨᠥᠬᠦᠴᠡᠯ    ᠣᠲᠣ ᠲᠦᠮᠡᠳ ᠵᠡᠭᠦᠨ ᠬᠤᠰᠢᠭᠤᠨ ᠤ ᠠᠶᠠᠨᠴᠢᠳ ᠤᠨ ᠮᠠᠰᠢᠨ ᠲᠡᠷᠭᠡᠨ ᠤ ᠥᠷᠲᠡᠭᠡ ᠨᠢᠭᠡ᠂ ᠲᠡᠷᠭᠡ ᠬᠦᠯᠢᠶᠡᠬᠦ ᠲᠠᠰᠤᠭ ᠤᠨ ᠲᠠᠯᠠᠪᠠᠶ ᠨᠢ 794 ᠲᠡᠭᠰᠢ ᠳᠥᠷᠪᠡᠯᠵᠢᠨ ᠮᠧᠲᠷ᠂ ᠥᠷᠲᠡᠭᠡ ᠶᠢᠨ ᠶᠠᠪᠤᠳᠠᠯ ᠵᠢᠴᠢ ᠠᠵᠢᠯᠯᠠᠬᠤ ᠵᠡᠷᠭᠡ ᠳᠤ ᠬᠡᠷᠡᠭᠯᠡᠬᠦ ᠬᠡᠷ 1131 ᠲᠡᠭᠰᠢ ᠳᠥᠷᠪᠡᠯᠵᠢᠨ‌ᠮᠧᠲᠷ᠂ ᠲᠡᠷᠭᠡᠨ ᠵᠣᠭᠰᠣᠭᠠᠯ ᠨᠢᠭᠡ᠂ ᠶᠡᠷᠦᠩᠬᠡᠶ ᠪᠠᠷᠢᠯᠭ᠎ᠠ ᠶᠢᠨ ᠬᠡᠪᠴᠢᠶ᠎ᠡ ᠨᠢ 2089 ᠲᠡᠭᠰᠢ ᠳᠥᠷᠪᠡᠯᠵᠢᠨ ᠮᠧᠲᠷ᠂ 26.3 ᠮᠥ ᠭᠠᠵᠠᠷ ᠡᠵᠡᠯᠡᠵᠦ ᠪᠣᠶ᠃ ᠪᠥᠬᠦ ᠬᠤᠰᠢᠭᠤᠨ ᠤ ᠬᠠᠲᠠᠭᠤᠷᠠᠭᠤᠯᠤᠭᠰᠠᠨ ᠵᠠᠮ ᠤᠨ ᠰᠢᠶᠠᠨ᠂ ᠰᠢᠶᠠᠩ᠂ ᠲᠣᠰᠬᠤᠨ ᠤ ᠵᠠᠮ ᠢ ᠨᠡᠶᠢᠲᠡ 1300 ᠭᠠᠷᠤᠢ ᠺᠢᠯᠤᠮᠧᠲᠷ ᠪᠤᠯᠤᠨ᠎ᠠ᠃ ᠬᠤᠲᠠ ᠬᠥᠳᠡᠭᠡ ᠶᠢᠨ ᠨᠢᠭᠡ ᠴᠣᠭᠴᠠᠵᠢᠭᠰᠠᠨ ᠬᠥᠭᠵᠢᠯᠲᠡ ᠶᠢ ᠳᠠᠭᠠᠯᠳᠤᠨ᠂ ᠪᠥᠬᠦ ᠬᠤᠰᠢᠭᠤᠨ ᠤ 296 ᠵᠠᠰᠠᠭ ᠵᠠᠬᠢᠷᠭᠠᠨ ᠤ ᠲᠣᠰᠬᠤᠨ ︽ᠲᠣᠰᠬᠤᠨ ᠪᠣᠯᠭᠠᠨ ᠳᠤ ᠨᠡᠪᠲᠡᠷᠡᠭᠦᠯᠬᠦ︾ ᠪᠣᠯᠤᠭᠰᠠᠨ ᠪᠥᠭᠡᠳ ᠨᠡᠯᠢᠶᠡᠳ ᠶᠡᠭᠡ ᠠᠶᠢᠯ ᠲᠣᠰᠬᠤᠨ ᠲᠡᠶᠢᠰᠢ ᠦᠢᠯᠡᠴᠢᠯᠡᠭᠡ ᠪᠠᠨ ᠤᠷᠲᠤᠳᠬᠠᠪᠠ᠃    ᠬᠤᠶᠠᠷ᠂ ᠡᠯᠰᠡᠬᠦ ᠵᠠᠷᠴᠢᠮ    ᠡᠯᠰᠡᠬᠦ ᠶᠠᠪᠤᠴᠠ ᠨᠢ ᠲᠥᠪ ᠭᠤᠤᠯᠴᠢ᠂ ᠢᠯᠡ ᠲᠣᠳᠣ ᠪᠠᠶᠢᠵᠤ᠂ ᠣᠷᠣᠵᠤ ᠰᠠᠭᠤᠭᠰᠠᠨ ᠠᠶᠠᠨᠴᠢᠳ ᠤᠨ ᠲᠡᠭᠡᠭᠡᠪᠦᠷᠢ ᠶᠢᠨ ᠠᠵᠤ ᠠᠬᠤᠶᠢᠯᠠᠯ ᠳᠤ ᠬᠠᠤᠯᠢ ᠶᠣᠰᠣᠨ ᠤ ᠲᠣᠭᠲᠠᠭᠠᠯ ᠳᠤ ᠨᠡᠶᠢᠴᠡᠬᠦ ᠠᠶᠠᠨᠴᠢᠳ ᠤᠨ ᠲᠡᠭᠡᠭᠡᠪᠦᠷᠢ ᠶᠢᠨ ᠬᠢᠷᠢ ᠬᠡᠮ ᠲᠠᠢ ᠪᠠᠶᠢᠵᠤ᠂ ᠠᠵᠢᠯ ᠲᠥᠷᠥᠯ ᠤᠨ ᠵᠢᠷᠤᠮᠵᠢᠯ ᠨᠢ ᠪᠦᠷᠢᠨ ᠲᠡᠭᠦᠯᠳᠡᠷ᠂ ᠡᠵᠡᠩᠨᠡᠯᠲᠡ ᠶᠢᠨ ᠰᠢᠰᠲ᠋ᠧᠮ ᠨᠢ ᠪᠦᠷᠢᠨ ᠲᠡᠭᠦᠯᠳᠡᠷ ᠪᠠᠶᠢᠳᠠᠭ᠃    ᠭᠤᠷᠪᠠ᠂ ᠭᠤᠶᠤᠴᠢᠯᠠᠬᠤ ᠨᠥᠬᠦᠴᠡᠯ    ᠠᠶᠠᠨᠴᠢᠳ ᠤᠨ ᠲᠡᠷᠭᠡ ᠶᠢᠨ ᠮᠡᠷᠭᠡᠵᠢᠯ ᠤᠨ ᠱᠠᠭᠠᠷᠳᠠᠯᠭ᠎ᠠ ᠨᠢ ︽ᠵᠠᠮ ᠲᠡᠭᠡᠭᠡᠪᠦᠷᠢ ᠶᠢᠨ ᠲᠡᠷᠭᠡ ᠬᠥᠰᠬᠡ ᠶᠢᠨ ᠮᠡᠷᠭᠡᠵᠢᠯ ᠤᠨ ᠬᠠᠮᠢᠶᠠᠷᠤᠯᠲᠠ ᠶᠢᠨ ᠲᠣᠭᠲᠠᠭᠠᠯ︾ ᠤᠨ ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠶ᠃    ᠳᠥᠷᠪᠡ᠂ ᠨᠡᠷ᠎ᠡ ᠮᠡᠳᠡᠭᠦᠯᠬᠦ ᠬᠢᠷᠢ ᠬᠡᠮ   1. ᠢᠷᠭᠡᠨ ᠤ ᠬᠡᠷᠡᠭ ᠤᠨ ᠬᠠᠷᠢᠭᠤᠴᠠᠯᠭ᠎ᠠ ᠶᠢ ᠪᠡᠶ᠎ᠡ ᠪᠠᠨ ᠳᠠᠭᠠᠭᠠᠵᠤ ᠡᠭᠦᠷᠭᠡᠯᠡᠬᠦ ᠴᠢᠳᠠᠪᠤᠷᠢ ᠲᠠᠢ ᠬᠠᠤᠯᠢ ᠶᠢᠨ ᠡᠷᠬᠡᠲᠡᠨ ᠳᠤ ᠪᠣᠯ ᠳᠠᠩᠰᠠᠯᠠᠭᠤᠯᠬᠤ ᠬᠥᠷᠥᠩᠭᠡ ᠮᠥᠩᠭᠦ ᠨᠢ ᠠᠷᠠᠳ ᠤᠨ ᠵᠣᠭᠤᠰ ᠢᠶᠠᠷ 200 ᠲᠦᠮᠡᠨ ᠲᠥᠭᠦᠷᠢᠭ ᠠᠴᠠ ᠳᠣᠤᠷ᠎ᠠ ᠪᠠᠶᠢᠵᠤ ᠪᠣᠯᠬᠤ ᠦᠭᠡᠶ᠃    2. ᠤᠯᠤᠰ ᠤᠨ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠵᠢᠷᠤᠮᠯᠠᠬᠤ ᠬᠡᠷᠡᠭᠲᠡᠶ᠂ ᠭᠡᠷ᠎ᠡ ᠶᠢ ᠵᠥᠷᠢᠴᠡᠭᠰᠡᠨ᠂ ᠬᠡᠭᠡᠯᠢ ᠲᠦᠯᠬᠢᠵᠦ ᠶᠠᠯ᠎ᠠ ᠬᠢᠭᠰᠡᠨ ᠬᠦᠨᠳᠦ ᠶᠡᠭᠡ ᠲᠡᠮᠳᠡᠭᠯᠡᠯ ᠦᠭᠡᠶ ᠪᠠᠶᠢᠬᠤ ᠬᠡᠷᠡᠭᠲᠡᠶ᠃  3. ᠢᠲᠡᠭᠡᠯ ᠢᠶᠠᠨ ᠠᠯᠳᠠᠭᠰᠠᠨ ᠭᠦᠢᠴᠡᠳᠬᠡᠭᠴᠢ᠂ ᠬᠦᠨᠳᠦ ᠶᠡᠭᠡ ᠭᠠᠶᠢᠯᠢ ᠲᠠᠲᠠᠪᠤᠷᠢ ᠶᠢᠨ ᠬᠠᠤᠯᠢ ᠠᠴᠠ ᠵᠥᠷᠢᠴᠡᠭᠰᠡᠨ ᠬᠡᠷᠡᠭ ᠤᠨ ᠲᠤᠬᠠᠶᠢᠲᠠᠶ ᠬᠥᠮᠦᠨ ᠂ ᠵᠠᠰᠠᠭ ᠤᠨ ᠣᠷᠳᠣᠨ ᠳᠤ ᠬᠦᠨᠳᠦ ᠨᠣᠴᠢᠲᠠᠶ ᠬᠠᠤᠯᠢ ᠠᠴᠠ ᠵᠥᠷᠢᠴᠡᠭᠰᠡᠨ ᠢᠲᠡᠭᠡᠯ ᠠᠯᠳᠠᠭᠰᠠᠨ ᠦᠢᠯᠡ ᠠᠵᠢᠯᠯᠠᠭ᠎ᠠ ᠶᠢᠨ ᠲᠡᠮᠳᠡᠭᠯᠡᠯ ᠤᠨ ᠨᠡᠷᠡᠰ ᠲᠤ ᠵᠢᠭᠰᠠᠭᠠᠭᠳᠠᠭᠰᠠᠨ ᠦᠭᠡᠶ᠃    4. ᠨᠡᠷ᠎ᠡ ᠮᠠᠲᠠᠭᠦᠯᠭᠦ ᠬᠦᠢᠮᠣᠠ ᠳᠤ ᠳᠣᠣᠷᠠᠭᠢ ᠵᠦᠢᠯᠡᠰ ᠠᠴᠠ ᠨᠢᠭᠡ ᠶᠢ ᠴᠤ ᠪᠠᠶᠢᠵᠤ ᠪᠣᠯᠬᠤ ᠦᠭᠡᠢ   (1)᠄ ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠷᠬᠡᠲᠡᠨ ᠤ ᠬᠢᠷᠢ ᠬᠡᠮ ᠦᠭᠡᠢ ᠬᠠᠷᠢᠶᠠᠲᠤ ᠪᠠᠶᠢᠭᠤᠯᠤᠮᠵᠢ     ︵2︶ ᠠᠯᠪᠠᠳᠠᠯᠭ᠎ᠠ ᠪᠠᠷ  ᠡᠵᠡᠩᠨᠡᠬᠦ ᠶᠢ ᠵᠤᠭᠰᠤᠭᠠᠭᠰᠠᠨ  ︵3︶ ᠡᠳ᠋ ᠬᠥᠷᠥᠩᠭᠡ ᠶᠢ  ᠬᠠᠮᠢᠶ᠎ᠠ ᠪᠦᠬᠦᠢ ᠪᠠᠶᠢᠭᠤᠯᠭ᠎ᠠ ᠳᠤ ᠬᠠᠮᠢᠶᠠᠷᠤᠭᠤᠯᠤᠭᠰᠠᠨ ᠪᠤᠶᠤ ᠬᠦᠯᠳᠡᠭᠳᠡᠭᠰᠡᠨ   ︵4︶ ᠣᠶᠢᠷ᠎ᠠ ᠶᠢᠨ ᠭᠤᠷᠪᠠᠨ ᠵᠢᠯ ᠤᠨ ᠳᠣᠲᠣᠷ᠎ᠠ ᠠᠷᠠᠯᠵᠢᠶ᠎ᠠ ᠪᠦᠲᠦᠭᠰᠡᠨ ᠪᠤᠶᠤ ᠭᠡᠷ᠎ᠡ ᠶᠢ ᠬᠦᠨᠳᠦ ᠨᠣᠴᠢᠲᠠᠶ ᠵᠥᠷᠢᠴᠡᠭᠰᠡᠨ ᠦᠢᠯᠡ ᠠᠵᠢᠯᠯᠠᠭ᠎ᠠ ᠲᠠᠢ    ︵5︶ ᠬᠠᠤᠯᠢ ᠲᠣᠭᠲᠠᠭᠠᠯ ᠢ ᠵᠥᠷᠢᠴᠡᠭᠰᠡᠨ ᠪᠣᠳᠠᠲᠤ ᠬᠡᠷᠡᠭ ᠣᠷᠣᠰᠢᠭᠰᠠᠨ    ︵6︶ ᠦᠨᠡᠨ ᠪᠠᠶᠢᠳᠠᠯ ᠢᠶᠠᠨ ᠨᠢᠭᠤᠨ ᠳᠠᠯᠳᠠᠯᠠᠵᠤ᠂ ᠬᠤᠳᠠᠯ ᠬᠠᠭᠤᠷᠮᠠᠭ ᠮᠠᠲ᠋ᠧᠷᠢᠶᠠᠯ ᠬᠠᠩᠭᠠᠭᠰᠠᠨ    ︵7︶ ᠬᠠᠤᠯᠢ ᠪᠤᠰᠤ ᠠᠷᠭ᠎ᠠ ᠪᠠᠷᠢᠯ ᠢᠶᠠᠷ ᠪᠤᠰᠤᠳ ᠬᠠᠮᠲᠤᠷᠠᠨ ᠠᠵᠢᠯᠯᠠᠬᠤ ᠲᠠᠯ᠎ᠠ ᠶᠢᠨ ᠥᠷᠢᠰᠥᠯᠳᠦᠭᠡᠨ ᠳᠤ ᠣᠷᠣᠯᠴᠠᠬᠤ ᠶᠢ ᠭᠠᠳᠠᠭᠤᠷᠴᠢᠯᠠᠬᠤ    ︵8︶ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨᠠᠯᠲᠠ ᠲᠠᠯᠪᠢᠵᠤ ᠪᠠᠶᠢᠴᠠᠭᠠᠬᠤ ᠶᠢ ᠬᠠᠷᠰᠢᠯᠠᠭᠰᠠᠨ᠂ ᠡᠰᠡᠷᠭᠦᠴᠡᠬᠦ  ᠠᠵᠢᠭᠯᠠᠭ᠎ᠠ ᠲᠠᠢ    ︵9︶ ᠭᠤᠣᠯᠯᠠᠨ ᠬᠠᠮᠢᠶᠠᠷᠬᠤ ᠠᠵᠢᠯ ᠲᠥᠷᠥᠯ ᠤᠨ ᠰᠠᠯᠠᠭ᠎ᠠ ᠮᠢᠴᠡᠷ ᠤᠨ ᠮᠠᠭᠠᠳᠯᠠᠨ ᠲᠣᠭᠲᠠᠭᠠᠭᠰᠠᠨ ᠪᠤᠰᠤᠳ ᠪᠠᠶᠢᠳᠠᠯ  ᠵᠡᠷᠭᠡ    ᠲᠠᠪᠤ᠂ ᠨᠡᠷ᠎ᠡ ᠮᠡᠳᠡᠭᠦᠯᠬᠦ ᠴᠠᠭ ᠵᠢᠴᠢ ᠠᠷᠭ᠎ᠠ ᠮᠠᠶ᠋ᠢᠭ    1. ᠨᠡᠷ᠎ᠡ ᠮᠡᠳᠡᠭᠦᠯᠬᠦ ᠠᠷᠭ᠎ᠠ᠄ ᠨᠡᠷ᠎ᠡ ᠮᠡᠳᠡᠭᠦᠯᠦᠭᠴᠢ ᠡᠵᠡᠩᠨᠡᠯᠲᠡ ᠶᠢᠨ ᠦᠨᠡᠮᠯᠡᠯ ᠤᠨ ᠪᠠᠭᠤᠯᠭᠠᠪᠤᠷᠢ᠂ ᠬᠠᠮᠢᠶ᠎ᠠ ᠪᠥᠬᠦᠶ ᠠᠶᠠᠨᠴᠢᠳ ᠤᠨ ᠲᠡᠭᠡᠭᠡᠪᠦᠷᠢ ᠶᠢᠨ ᠡᠵᠡᠩᠨᠡᠯᠲᠡ ᠶᠢᠨ ᠬᠢᠷᠢ ᠬᠡᠮ ᠤᠨ ᠬᠠᠭᠤᠯᠪᠤᠷᠢ᠂ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠶᠢᠨ ᠪᠡᠶ᠎ᠡ ᠶᠢᠨ ᠦᠨᠡᠮᠯᠡᠯ ᠤᠨ ᠬᠠᠭᠤᠯᠪᠤᠷᠢ᠂ ᠬᠠᠤᠯᠢ ᠪᠠᠷ ᠲᠣᠭᠲᠠᠭᠠᠭᠰᠠᠨ ᠪᠤᠰᠤ ᠲᠥᠯᠥᠭᠡᠯᠡᠭᠴᠢ ᠨᠡᠷ᠎ᠡ ᠮᠡᠳᠡᠭᠦᠯᠬᠦ ᠳᠤ ᠪᠠᠰᠠ ᠨᠠᠶᠢᠳᠠᠯᠭ᠎ᠠ ᠶᠢᠨ ᠪᠢᠴᠢᠭ᠂ ᠭᠦᠢᠴᠡᠳᠬᠡᠭᠴᠢ ᠶᠢᠨ ᠪᠡᠶ᠎ᠡ ᠶᠢᠨ ᠦᠨᠡᠮᠯᠡᠯ ᠤᠨ ᠪᠠᠭᠤᠯᠭᠠᠪᠤᠷᠢ ︵ᠪᠣᠶ ᠪᠥᠬᠦᠶ ᠮᠠᠲ᠋ᠧᠷᠢᠶᠠᠯ ᠳᠤ ᠠᠯᠪᠠᠨ ᠲᠠᠮᠠᠭ᠎ᠠ ᠳᠠᠷᠤᠨ᠎ᠠ︶ ᠬᠠᠩᠭᠠᠬᠤ ᠬᠡᠷᠡᠭᠲᠡᠶ᠃    2. ᠠᠰᠠᠭᠤᠨ ᠯᠠᠪᠯᠠᠬᠤ ᠤᠲᠠᠰᠤ᠄ 13847162 836   3. ᠨᠡᠷ᠎ᠡ ᠮᠡᠳᠡᠭᠦᠯᠬᠦ ᠴᠠᠭ᠄ 2024 ᠣᠨ ᠤ 7 ᠰᠠᠷ᠎ᠠ ᠶᠢᠨ 24 ᠤ ᠡᠳᠦᠷ ᠠᠴᠠ 2024 ᠣᠨ ᠤ 8 ᠰᠠᠷ᠎ᠠ ᠶᠢᠨ 6 ᠤ ᠡᠳᠦᠷ     ᠨᠡᠷ᠎ᠡ ᠮᠡᠳᠡᠭᠦᠯᠬᠦ ᠭᠠᠵᠠᠷ᠄ ᠲᠦᠮᠡᠳ ᠵᠡᠭᠦᠨ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ    4. ᠦᠨᠡᠯᠡᠨ ᠲᠣᠭᠲᠠᠭᠠᠬᠤ ᠠᠷᠭ᠎ᠠ ᠮᠠᠶ᠋ᠢᠭ᠄ ᠦᠨᠡᠯᠡᠨ ᠲᠣᠭᠲᠠᠭᠠᠬᠤ ᠺᠣᠮᠢᠰ ᠢᠶᠠᠷ ᠠᠵᠤ ᠠᠬᠤᠶᠢᠯᠠᠯ ︵ᠡᠵᠡᠩᠨᠡᠭᠴᠢᠳ︶ ᠤᠨ ᠮᠠᠲ᠋ᠧᠷᠢᠶᠠᠯ ᠢ ᠬᠢᠨᠠᠨ ᠬᠠᠷᠭᠤᠭᠤᠯᠤᠭᠠᠳ ᠬᠢᠷᠢ ᠲᠡᠩᠴᠡᠭᠰᠡᠨ ᠤ ᠳᠠᠷᠠᠭ᠎ᠠ᠂ ᠶᠡᠷᠦᠩᠬᠡᠶᠢᠯᠡᠨ ᠰᠢᠯᠭᠠᠨ ᠦᠨᠡᠯᠡᠭᠰᠡᠨ ᠤ ᠳᠠᠷᠠᠭ᠎ᠠ ᠣᠷᠣᠵᠤ ᠰᠠᠭᠤᠭᠰᠠᠨ ᠠᠵᠤ ᠠᠬᠤᠶᠢᠯᠠᠯ ︵ᠡᠵᠡᠩᠨᠡᠭᠴᠢ︶ ᠢ ᠲᠣᠭᠲᠠᠭᠠᠬᠤ ᠶᠢᠨ ᠬᠠᠮᠲᠤ ᠨᠢᠭᠡ ᠭᠠᠷᠠᠭ ᠤᠨ ᠬᠤᠭᠤᠴᠠᠭ᠎ᠠ ᠲᠠᠢ ᠢᠯᠡ ᠨᠡᠶᠢᠲᠡᠯᠡᠨ᠎ᠡ᠃   ᠵᠢᠷᠭᠤᠭ᠎ᠠ᠂ ᠪᠤᠰᠤᠳ ᠵᠦᠢᠯ    1. ᠮᠠᠰᠢᠨ ᠲᠡᠷᠭᠡᠨ ᠤ ᠥᠷᠲᠡᠭᠡ ᠵᠢᠴᠢ ᠳᠠᠭᠠᠯᠲᠠ ᠪᠡᠯᠡᠳᠬᠡᠮᠵᠢ᠂ ᠪᠠᠷᠢᠯᠭ᠎ᠠ ᠶᠢᠨ ᠰᠢᠰᠲ᠋ᠧᠮ ᠨᠢ ᠤᠯᠤᠰ ᠤᠨ ᠥᠮᠴᠢᠯᠡᠯᠲᠦ ᠡᠳ᠋ ᠬᠥᠷᠥᠩᠭᠡ᠂ ᠲᠦᠷᠢᠶᠡᠰᠦᠯᠡᠭᠦᠯᠬᠦ ᠬᠡᠯᠪᠡᠷᠢ ᠪᠠᠷ ᠲᠡᠭᠡᠭᠡᠪᠦᠷᠢ ᠶᠢᠨ ᠺᠣᠮᠫᠠᠨᠢ ᠶᠢᠨ ᠬᠡᠷᠡᠭᠯᠡᠯᠲᠡ ᠶᠢ ᠬᠠᠩᠭᠠᠬᠤ ᠪᠠᠷ ᠪᠠᠶᠢᠨ᠎ᠠ ︵ᠬᠠᠮᠢᠶ᠎ᠠ ᠪᠦᠬᠦᠢ ᠰᠠᠯᠠᠭ᠎ᠠ ᠮᠥᠴᠢᠷ ᠠᠴᠠ ᠬᠢᠨᠠᠨ ᠲᠣᠭᠲᠠᠭᠠᠬᠤ ᠶᠢ ᠬᠦᠯᠢᠶᠡᠭᠰᠡᠨ ᠤ ᠳᠠᠷᠠᠭ᠎ᠠ ᠨᠡᠶᠢᠳᠡᠯᠡᠨ᠎ᠡ︶᠃    2. ᠲᠤᠰ ᠠᠯᠪᠠᠨ ᠵᠠᠷ ᠤᠨ ᠡᠴᠦᠰ ᠤᠨ ᠲᠠᠶᠢᠯᠪᠤᠷᠢᠯᠠᠬᠤ ᠡᠷᠬᠡ ᠨᠢ ᠲᠦᠮᠡᠳ ᠵᠡᠭᠦᠨ ᠬᠤᠰᠢᠭᠤᠨ ᠤ ᠵᠠᠮ ᠲᠡᠭᠡᠭᠡᠪᠦᠷᠢ ᠶᠢᠨ ᠲᠣᠪᠴᠢᠶ᠎ᠠ᠃    ᠲᠦᠮᠡᠳ ᠵᠡᠭᠦᠨ ᠬᠤᠱᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ                         2024 ᠣᠨ ᠤ 7 ᠰᠠᠷ᠎ᠠ ᠶᠢᠨ 24 ᠤ ᠡᠳᠦᠷ
 
ᠢᠷᠡᠯᠲᠡ᠄ ᠲᠦᠮᠡᠳ ᠵᠡᠭᠦᠨ ᠬᠤᠰᠢᠭᠤᠨ ᠤ ᠬᠠᠮ ᠵᠠᠭᠤᠴᠢᠯᠠᠭᠤᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号