ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ | ᠬᠤᠰᠢᠭᠤᠨ ᠳᠠᠷᠤᠭ᠎ᠠ | | ᠠᠵᠢᠯ ᠤᠨ ᠬᠤᠪᠢᠶᠠᠷᠢᠯᠠᠯ | ᠬᠤᠰᠢᠭᠤᠨ ᠳᠠᠷᠤᠭ᠎ᠠ ᠶᠢ ᠬᠠᠮᠵᠢᠨ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ᠂ ᠣᠶ ᠰᠢᠭᠤᠶ ᠪᠠ | ᠨᠤᠲᠤᠭ ᠪᠡᠯᠴᠢᠭᠡᠷ᠂ ᠬᠠᠩᠭᠠᠨ ᠪᠣᠷᠣᠯᠠᠭᠤᠯᠬᠤ᠂ ᠤᠯᠤᠰ ᠤᠨ ᠣᠳᠣᠬᠢᠴᠢᠯᠠᠭᠰᠠᠨ ᠲᠠᠷᠢᠶᠠᠯᠠᠩ ᠤᠨ ᠵᠢᠱᠢᠶ᠎ᠡ | ᠦᠵᠡᠭᠦᠯᠬᠦ ᠣᠷᠣᠨ᠂ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ | ᠬᠠᠷ᠎ᠠ ᠤᠰᠤ ᠨᠠᠭᠤᠷ ᠤᠨ ᠠᠮᠢ ᠠᠬᠤᠶ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ᠂ ᠲᠡᠮᠦᠷ ᠵᠠᠮ | ᠳᠠᠭᠠᠤ ᠶᠢᠨ ᠬᠤᠶᠠᠷ ᠬᠠᠵᠠᠭᠤ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠵᠡᠷᠭᠡ | ᠲᠠᠯ᠎ᠠ ᠶᠢᠨ ᠠᠵᠢᠯ ᠢ ᠬᠠᠷᠢᠭᠤᠴᠠᠨ᠎ᠠ᠃ | ᠬᠤᠪᠢᠳᠠᠨ ᠬᠠᠮᠢᠶᠠᠷᠬᠤ᠄ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠣᠶ ᠰᠢᠭᠤᠶ ᠪᠠ | ᠨᠤᠲᠤᠭ ᠪᠡᠯᠴᠢᠭᠡᠷ ᠤᠨ ᠲᠣᠪᠴᠢᠶ᠎ᠠ᠂ ᠬᠠᠩᠭᠠᠨ ᠪᠣᠷᠣᠯᠠᠭᠤᠯᠬᠤ ᠬᠤᠷᠰᠢᠶ᠎ᠠ᠂ ᠤᠯᠤᠰ ᠤᠨ ᠣᠲᠣ ᠦᠶ᠎ᠡ ᠶᠢᠨ | ᠲᠠᠷᠢᠶᠠᠯᠠᠩ ᠤᠨ ᠵᠢᠱᠢᠶ᠎ᠡ ᠦᠵᠡᠭᠦᠯᠬᠦ ᠣᠷᠣᠨ ᠤ ᠠᠵᠢᠯ ᠤᠨ ᠦᠢᠯᠡᠴᠢᠯᠡᠭᠡᠨ ᠤ ᠲᠥᠪ᠂ ᠲᠦᠮᠡᠳ ᠵᠡᠭᠦᠨ | ᠬᠤᠰᠢᠭᠤᠨ ᠤ ᠠᠯᠲᠠᠨ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠶᠢᠨ ᠪᠠᠯᠠ ᠣᠷᠣᠭᠤᠯᠤᠯᠲᠠ ᠶᠢᠨ | ᠬᠢᠵᠠᠭᠠᠷᠲᠤ ᠬᠠᠷᠢᠭᠤᠴᠠᠯᠭᠠᠲᠤ ᠺᠣᠮᠫᠠᠨᠢ᠃ ᠬᠠᠷᠢᠯᠴᠠᠬᠤ ᠨᠢ᠄ ᠴᠠᠭ ᠠᠭᠤᠷ ᠤᠨ ᠲᠣᠪᠴᠢᠶ᠎ᠠ᠃ ᠬᠤᠰᠢᠭᠤᠨ | ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ | | ᠲᠣᠪᠴᠢ ᠲᠠᠨᠢᠯᠴᠠᠭᠤᠯᠭ᠎ᠠ | ᠮᠧᠩ ᠵᠢᠶᠦ᠋ᠨ ᠴᠢᠤᠸᠠᠨ᠂ ᠡᠷᠡᠭᠲᠡᠢ᠂ ᠬᠢᠲᠠᠳ ᠦᠨᠳᠦᠰᠦᠲᠡᠨ᠂ 1975 ᠣᠨ ᠤ 7 ᠰᠠᠷ᠎ᠠ ᠳᠤ ᠲᠦᠷᠦᠵᠠᠢ᠂ | ᠥᠪᠥᠷ ᠮᠣᠩᠭᠤᠯ ᠤᠨ ᠴᠢᠩ ᠱᠦᠢ ᠾᠧ ᠰᠢᠶᠠᠨ ᠤ ᠬᠥᠮᠦᠨ᠂ 2004 ᠣᠨ ᠤ 12 ᠰᠠᠷ᠎ᠠ ᠳᠤ ᠳᠤᠮᠳᠠᠳᠤ | ᠤᠯᠤᠰ ᠤᠨ ᠡᠪ ᠬᠠᠮᠲᠤ ᠨᠠᠮ ᠳᠤ ᠣᠷᠣᠵᠤ᠂ ᠥᠪᠥᠷ ᠮᠣᠩᠭᠤᠯ ᠤᠨ ᠨᠠᠮ ᠤᠨ ᠰᠤᠷᠭᠠᠭᠤᠯᠢ ᠶᠢᠨ ᠵᠠᠬᠢᠳᠠᠯ ᠢᠶᠠᠷ | ᠰᠤᠷᠤᠯᠴᠠᠬᠤ ᠳᠡᠭᠡᠳᠦ ᠰᠤᠷᠭᠠᠭᠤᠯᠢ ᠶᠢᠨ ᠬᠠᠤᠯᠢ ᠴᠠᠭᠠᠵᠠ ᠶᠢᠨ ᠲᠤᠰᠬᠠᠢ ᠮᠡᠷᠭᠡᠵᠢᠯ ᠠᠴᠠ ᠲᠡᠭᠦᠰᠴᠡᠢ᠂ ᠶᠡᠭᠡ | ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠃ ᠤᠳᠤ ᠲᠦᠮᠡᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ | ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠬᠤᠰᠢᠭᠤᠨ ᠳᠠᠷᠤᠭ᠎ᠠ ᠶᠢᠨ | ᠲᠤᠰᠢᠶᠠᠯ ᠢ ᠡᠭᠦᠷᠭᠡᠯᠡᠵᠦ ᠪᠠᠶᠢᠨ᠎ᠠ᠃ | |