ᠪᠠᠢ ᠮᠢᠶᠣᠣ ᠽᠢ ᠪᠠᠯᠭᠠᠰᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠤᠬᠢᠷᠠᠭᠤᠯᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/26
   ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠡᠯ᠎ᠡ ᠵᠦᠢᠯ ᠤᠨ ᠠᠵᠢᠯ ᠢ ᠨᠠᠷᠢᠯᠢᠭ ᠨᠠᠶᠢᠳᠠᠪᠤᠷᠢᠵᠢᠭᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠶᠢᠨ ᠲᠥᠯᠥᠭᠡ᠂ 2024 ᠣᠨ ᠤ 7 ᠰᠠᠷ᠎ᠠ ᠶᠢᠨ 25 ᠤ ᠡᠳᠦᠷ᠂ ᠪᠠᠶ ᠮᠢᠶᠣᠣ ᠽᠢ ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠣᠬᠢᠷᠠᠭᠤᠯᠤᠯᠲᠠ ᠶᠢᠨ ᠬᠤᠷᠠᠯ ᠪᠠᠯᠭᠠᠰᠤᠨ ᠤ ᠲᠠᠪᠤᠳᠤᠭᠠᠷ ᠳᠠᠪᠬᠤᠷᠯᠢᠭ ᠤᠨ ᠬᠤᠷᠠᠯ ᠤᠨ ᠬᠡᠷ ᠲᠤ ᠬᠤᠷᠠᠯᠳᠤᠵᠤ᠂ ᠪᠠᠯᠭᠠᠰᠤᠨ ᠤ ᠨᠠᠮ ᠤᠨ ᠬᠤᠷᠢᠶᠠᠨ ᠤ ᠭᠡᠰᠢᠭᠦᠨ᠂ ᠤᠬᠠᠭᠤᠯᠬᠤ ᠭᠡᠰᠢᠭᠦᠨ ᠶᠦᠨ ᠱᠠ ᠱᠠ ᠬᠤᠷᠠᠯ ᠡᠷᠭᠢᠯᠡᠵᠦ᠂ ᠪᠠᠯᠭᠠᠰᠤᠨ ᠤ ᠨᠠᠮ ᠤᠨ ᠬᠤᠷᠢᠶᠠᠨ ᠤ ᠠᠯᠪᠠᠨ ᠬᠡᠷ ᠤᠨ ᠳᠡᠳ᠋ ᠡᠷᠬᠢᠯᠡᠭᠴᠢ ᠵᠢᠶ ᡁᠢ ᠴᠢᠶᠠᠩ ᠵᠢᠴᠢ ᠡᠯ᠎ᠡ ᠲᠣᠰᠬᠤᠨ ᠤ ᠨᠠᠮ ᠤᠨ ᠡᠭᠦᠷ ᠤᠨ ᠱᠦᠵᠢ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯᠲᠠᠳ ᠬᠤᠷᠠᠯ ᠳᠤ ᠣᠷᠣᠯᠴᠠᠵᠠᠶ᠃    ᠬᠤᠷᠠᠯ ᠳᠡᠭᠡᠷ᠎ᠡ᠂ ᠵᠠᠩ ᠳᠠᠳᠬᠠᠯ ᠢ ᠥᠭᠡᠷᠡᠴᠢᠯᠡᠬᠦ᠂ ᠲᠣᠰᠬᠤᠨ ᠤ ᠲᠣᠭᠲᠠᠭᠠᠯ ᠠᠷᠠᠳ ᠤᠨ ᠭᠡᠷ᠎ᠡ᠂ ᠵᠠᠩ ᠳᠠᠳᠬᠠᠯ ᠢ ᠥᠭᠡᠷᠡᠴᠢᠯᠡᠬᠦ ᠵᠢᠱᠢᠶ᠎ᠡ ᠦᠵᠡᠭᠦᠯᠬᠦ ᠲᠣᠰᠬᠤᠨ ᠤ ᠪᠠᠶᠢᠭᠤᠯᠤᠯᠲᠠ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ᠂ ᠪᠣᠯᠪᠠᠰᠤᠨ ᠪᠦᠯᠬᠦᠮᠳᠡᠯ ᠤᠨ ᠬᠡᠳᠦ ᠳᠡᠯᠭᠡᠭᠦᠷ ᠵᠡᠷᠭᠡ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ ᠱᠠᠭᠠᠷᠳᠠᠭᠰᠠᠨ ᠨᠢ᠂ ᠡᠯ᠎ᠡ ᠲᠣᠰᠬᠤᠨ ᠦᠵᠡᠯ ᠰᠠᠨᠠᠭ᠎ᠠ ᠲᠠᠨᠢᠯᠲᠠ ᠪᠠᠨ ᠤᠯᠠᠮ ᠴᠢᠨᠠᠭᠰᠢᠳᠠ ᠴᠢᠩᠭᠠᠳᠬᠠᠬᠤ ᠬᠡᠷᠡᠭᠲᠡᠢ᠃ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ ᠨᠢ ᠤᠯᠠᠨ ᠲᠦᠮᠡᠨ ᠢ ᠬᠥᠮᠦᠵᠢᠭᠦᠯᠬᠦ᠂ ᠤᠯᠠᠨ ᠲᠦᠮᠡᠨ ᠢ ᠬᠦᠳᠦᠯᠦᠨ ᠳᠠᠭᠠᠭᠤᠯᠬᠤ ᠴᠢᠬᠤᠯᠠ ᠵᠢᠭᠰᠠᠭᠠᠯ ᠤᠨ ᠭᠠᠵᠠᠷ ᠪᠣᠯᠤᠭᠰᠠᠨ ᠤ ᠬᠤᠪᠢ ᠳᠤ᠂ ᠪᠣᠯᠪᠠᠰᠤᠨ ᠤ ᠦᠢᠯᠡᠳᠦᠯᠭᠡ ᠶᠢᠨ ᠵᠢᠭᠰᠠᠭᠠᠯ ᠤᠨ ᠭᠠᠵᠠᠷ ᠢ ᠦᠨᠡᠨᠬᠦ ᠰᠠᠶᠢᠲᠤᠷ ᠰᠠᠬᠢᠨ ᠰᠠᠶᠢᠲᠤᠷ ᠪᠠᠶᠢᠭᠤᠯᠵᠤ᠂ ᠪᠣᠯᠪᠠᠰᠤᠨ ᠤ ᠦᠢᠯᠡᠳᠦᠯᠭᠡ ᠶᠢᠨ ᠡᠯ᠎ᠡ ᠲᠦᠷᠦᠯ ᠤᠨ ᠭᠤᠣᠯ ᠰᠡᠳᠦᠪᠲᠦ ᠠᠵᠢᠯᠯᠠᠭ᠎ᠠ ᠶᠢ ᠰᠠᠶᠢᠲᠤᠷ ᠲᠥᠯᠥᠪᠯᠡᠨ ᠰᠠᠶᠢᠲᠤᠷ ᠡᠷᠬᠢᠯᠡᠵᠦ᠂ ᠪᠣᠯᠪᠠᠰᠤᠨ ᠤ ᠦᠢᠯᠡᠳᠦᠯᠭᠡ ᠶᠢᠨ ᠬᠡᠮᠵᠢᠶ᠎ᠡ᠂ ᠣᠷᠣᠯᠴᠠᠬᠤ ᠬᠡᠮᠵᠢᠶ᠎ᠡ ᠪᠣᠯᠤᠨ ᠬᠠᠨᠤᠮᠵᠢ ᠶᠢᠨ ᠨᠤᠷᠮ᠎ᠠ ᠶᠢ ᠳᠡᠭᠡᠭᠰᠢᠯᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠢ᠃ ᠳᠠᠷᠠᠭᠠᠴᠢ ᠶᠢᠨ ᠠᠯᠬᠤᠮ ᠳᠤ᠂ ᠪᠠᠢ ᠮᠢᠶᠣᠣ ᠽᠢ ᠪᠠᠯᠭᠠᠰᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠵᠢᠭᠰᠠᠭᠠᠯ ᠤᠨ ᠭᠠᠵᠠᠷ ᠤᠨ ᠦᠢᠯᠡᠳᠦᠯ ᠢᠶᠠᠨ ᠦᠷᠭᠦᠯᠵᠢᠯᠡᠨ ᠭᠦᠢᠴᠡᠳ ᠪᠠᠳᠠᠷᠠᠭᠤᠯᠵᠤ᠂ ᠬᠠᠷᠢᠶ᠎ᠠ ᠣᠷᠣᠨ ᠤ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠵᠤ᠂ ᠡᠯ᠎ᠡ ᠲᠦᠷᠦᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠤᠯᠠᠨ ᠲᠦᠮᠡᠨ ᠤ ᠬᠡᠷᠡᠭᠴᠡᠭᠡ ᠶᠢ ᠴᠠᠭ ᠲᠤᠬᠠᠢ ᠳᠤᠨᠢ ᠬᠠᠩᠭᠠᠵᠤ᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠪᠣᠯᠤᠨ ᠵᠣᠯ ᠵᠢᠷᠭᠠᠯᠲᠤ ᠲᠦᠷᠦᠭᠳᠡᠯ ᠢ ᠲᠠᠰᠤᠷᠠᠯᠲᠠ ᠦᠭᠡᠢ ᠨᠡᠮᠡᠭᠳᠡᠭᠦᠯᠦᠨ᠎ᠡ᠃
 
ᠢᠷᠡᠯᠲᠡ᠄ ᠪᠠᠶ ᠮᠢᠶᠣᠣ ᠽᠢ ᠪᠠᠯᠭᠠᠰᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号