ᠲᠦᠮᠡᠳ ᠵᠡᠭᠦᠨ ᠬᠤᠰᠢᠭᠤᠨ ᠤ ᠬᠤᠳᠠᠯᠳᠤᠭᠠᠨ ᠤ ᠶᠠᠪᠤᠳᠠᠯ ᠪᠠ ᠪᠠᠯᠠ ᠣᠷᠣᠭᠤᠯᠤᠯᠲᠠ ᠶᠢ ᠠᠬᠢᠭᠤᠯᠬᠤ ᠲᠣᠪᠴᠢᠶ᠎ᠠ ᠲᠦᠮᠡᠳ ᠵᠡᠭᠦᠨ ᠬᠤᠰᠢᠭᠤᠨ ᠤ ᠬᠤᠤ ᠰᠢᠶᠠᠩ ᠳᠠᠶᠢᠯᠠᠯᠭ᠎ᠠ ᠶᠢᠨ ᠲᠥᠪ ᠲᠤ ᠰᠤᠷᠪᠤᠯᠵᠢᠯᠠᠭ᠎ᠠ ᠬᠢᠪᠠ
ᠨᠡᠶᠢᠲᠡᠯᠡᠭᠰᠡᠨ ᠴᠠᠭ᠄
2024/7/26
   ᠪᠠᠭᠤᠳᠠᠯ ᠤᠨ ᠡᠵᠡᠩᠨᠡᠯᠲᠡ ᠶᠢᠨ ᠪᠠᠶᠢᠳᠠᠯ ᠢ ᠭᠦᠨᠵᠡᠭᠡᠶ ᠣᠶᠢᠯᠠᠭᠠᠵᠤ᠂ ᠵᠠᠰᠠᠭ ᠠᠵᠤ ᠠᠬᠤᠶᠢᠯᠠᠯ ᠤᠨ ᠨᠡᠪᠲᠡᠷᠡᠯᠴᠡᠭᠡ ᠶᠢ ᠴᠢᠩᠭᠠᠳᠬᠠᠨ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢᠨ ᠲᠥᠯᠥᠭᠡ ᠂ 7 ᠰᠠᠷ᠎ᠠ ᠶᠢᠨ 24 ᠤ ᠡᠳᠦᠷ ᠲᠦᠮᠡᠳ ᠵᠡᠭᠦᠨ ᠬᠤᠰᠢᠭᠤᠨ ᠤ ᠬᠤᠳᠠᠯᠳᠤᠭᠠᠨ ᠤ ᠶᠠᠪᠤᠳᠠᠯ ᠪᠠ ᠪᠠᠯᠠ ᠣᠷᠣᠭᠤᠯᠤᠯᠲᠠ ᠶᠢ ᠠᠬᠢᠭᠤᠯᠬᠤ ᠲᠣᠪᠴᠢᠶ᠎ᠠ ᠠᠴᠠ ᠲᠦᠮᠡᠳ ᠵᠡᠭᠦᠨ ᠬᠤᠰᠢᠭᠤᠨ ᠤ ᠬᠤᠤ ᠰᠢᠶᠠᠩ ᠳᠠᠶᠢᠯᠠᠯᠭ᠎ᠠ ᠶᠢᠨ ᠲᠥᠪ ᠲᠤ ᠰᠤᠷᠪᠤᠯᠵᠢᠯᠠᠭ᠎ᠠ ᠬᠢᠪᠠ᠃ ᠲᠣᠰ ᠤᠳᠠᠭᠠᠨ ᠤ ᠠᠶᠢᠯᠴᠢᠯᠠᠯᠲᠠ ᠨᠢ ᠲᠤᠬᠠᠶ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠬᠤ ᠪᠠ ᠰᠣᠯᠢᠯᠴᠠᠭ᠎ᠠ ᠬᠢᠬᠦ ᠪᠠᠷ ᠳᠠᠮᠵᠢᠭᠤᠯᠤᠨ᠂ ᠪᠠᠭᠤᠳᠠᠯ ᠤᠨ ᠡᠵᠡᠩᠨᠡᠯᠲᠡ ᠳᠤ ᠲᠤᠯᠭᠠᠷᠠᠵᠤ ᠪᠠᠶᠢᠭ᠎ᠠ ᠥᠷᠢᠰᠥᠯᠳᠦᠭᠡᠨ ᠢ ᠣᠶᠢᠯᠠᠭᠠᠵᠤ᠂ ᠬᠥᠭᠵᠢᠯᠲᠡ ᠶᠢᠨ ᠴᠢᠭᠯᠡᠯ ᠢ ᠰᠤᠳᠤᠯᠤᠨ ᠶᠠᠷᠢᠯᠴᠠᠬᠤ ᠶᠢᠨ ᠬᠠᠮᠲᠤ ᠠᠵᠤ ᠠᠬᠤᠶᠢᠯᠠᠯ ᠳᠤ ᠴᠢᠬᠤᠯᠠ ᠪᠥᠬᠦᠶ ᠲᠥᠷᠥ ᠶᠢᠨ ᠪᠣᠳᠣᠯᠭ᠎ᠠ ᠶᠢᠨ ᠳᠡᠮᠵᠢᠯᠭᠡ ᠪᠠ ᠵᠢᠯᠣᠭᠤᠳᠣᠯᠭ᠎ᠠ ᠬᠠᠩᠭᠠᠬᠤ ᠶᠢᠨ ᠲᠥᠯᠥᠭᠡ ᠶᠤᠮ᠃    ᠠᠵᠢᠯᠲᠠᠳ ᠡᠩ ᠲᠡᠷᠢᠭᠦᠨ ᠳᠤ ᠪᠠᠭᠤᠳᠠᠯ ᠤᠨ ᠡᠮᠦᠨ᠎ᠡ ᠲᠠᠪᠴᠠᠩ᠂ ᠵᠣᠴᠢᠨ ᠤ ᠥᠷᠥᠭᠡ᠂ ᠬᠤᠭᠤᠯᠠᠨ ᠬᠡᠷ᠂ ᠬᠤᠷᠠᠯ ᠤᠨ ᠬᠡᠷ ᠵᠡᠷᠭᠡ ᠣᠷᠣᠨ ᠪᠦᠰᠡ ᠪᠠᠷ ᠲᠣᠭᠤᠷᠢᠨ ᠦᠵᠡᠵᠦ᠂ ᠪᠠᠭᠤᠳᠠᠯ ᠤᠨ ᠬᠠᠲᠠᠭᠤ ᠲᠣᠨᠤᠭ ᠲᠥᠬᠦᠭᠡᠷᠦᠮᠵᠢ᠂ ᠦᠢᠯᠡᠴᠢᠯᠡᠭᠡᠨ ᠤ ᠬᠢᠷᠢ ᠲᠦᠪᠰᠢᠨ᠂ ᠡᠷᠡᠭᠦᠯ ᠬᠠᠮᠠᠭᠠᠯᠠᠯ ᠤᠨ ᠪᠠᠶᠢᠳᠠᠯ ᠵᠡᠷᠭᠡ ᠶᠢ ᠪᠥᠬᠦ ᠲᠠᠯ᠎ᠠ ᠪᠠᠷ ᠰᠢᠨᠵᠢᠯᠡᠨ ᠪᠠᠶᠢᠴᠠᠭᠠᠪᠠ᠃ ᠲᠤᠬᠠᠶ ᠶᠢᠨ ᠭᠠᠵᠠᠷ ᠲᠤᠨᠢ ᠠᠵᠢᠭᠯᠠᠬᠤ ᠪᠠᠷ ᠳᠡᠮᠵᠢᠨ᠂ ᠪᠠᠭᠤᠳᠠᠯ ᠤᠨ ᠡᠵᠡᠩᠨᠡᠯᠲᠡ ᠶᠢᠨ ᠪᠠᠶᠢᠳᠠᠯ ᠢ ᠨᠠᠩ ᠰᠢᠭᠤᠳ ᠣᠶᠢᠯᠠᠭᠠᠵᠠᠢ᠃    ᠳᠠᠷᠠᠭ᠎ᠠ ᠨᠢ᠂ ᠪᠠᠭᠤᠳᠠᠯ ᠤᠨ ᠬᠠᠷᠢᠭᠤᠴᠠᠯᠭᠠᠲᠠᠨ ᠠᠴᠠ ᠪᠠᠭᠤᠳᠠᠯ ᠤᠨ ᠡᠵᠡᠩᠨᠡᠯᠲᠡ ᠶᠢᠨ ᠪᠠᠶᠢᠳᠠᠯ᠂ ᠵᠠᠬ᠎ᠠ ᠳᠡᠯᠭᠡᠭᠦᠷ ᠤᠨ ᠪᠠᠶᠢᠷᠢ ᠲᠣᠭᠲᠠᠭᠠᠯᠲᠠ᠂ ᠦᠢᠯᠡᠴᠢᠯᠡᠭᠡᠨ ᠤ ᠣᠨᠴᠠᠯᠢᠭ ᠵᠢᠴᠢ ᠢᠷᠡᠭᠡᠳᠦᠢ ᠶᠢᠨ ᠬᠥᠭᠵᠢᠯᠲᠡ ᠶᠢᠨ ᠲᠥᠯᠥᠪᠵᠢᠭᠦᠯᠭᠡ ᠵᠡᠷᠭᠡ ᠶᠢ ᠨᠠᠷᠢᠨ ᠲᠠᠨᠢᠯᠴᠠᠭᠤᠯᠪᠠ᠃ ᠡᠭᠦᠨ ᠤ ᠬᠠᠮᠲᠤ᠂ ᠣᠳᠣᠬᠠᠨ ᠳᠤ ᠪᠠᠭᠤᠳᠠᠯ ᠳᠤ ᠲᠤᠯᠭᠠᠷᠠᠵᠤ ᠪᠠᠶᠢᠭ᠎ᠠ ᠥᠷᠢᠰᠥᠯᠳᠦᠭᠡᠨ ᠤ ᠲᠤᠬᠠᠶ᠂ ᠵᠢᠱᠢᠶᠡᠯᠡᠪᠡᠯ ᠵᠣᠴᠢᠨ ᠤ ᠢᠷᠡᠯᠲᠡ ᠪᠠᠭᠠᠰᠬᠤ᠂ ᠡᠵᠡᠩᠨᠡᠯᠲᠡ ᠶᠢᠨ ᠥᠪᠡᠷ ᠤᠨ ᠥᠷᠲᠡᠭ ᠳᠡᠭᠡᠭᠰᠢᠯᠡᠬᠦ᠂ ᠥᠷᠢᠰᠥᠯᠳᠦᠭᠡᠨ ᠰᠢᠷᠦᠭᠦᠰᠬᠦ ᠵᠡᠷᠭᠡ ᠠᠰᠠᠭᠤᠳᠠᠯ ᠤᠨ ᠲᠤᠬᠠᠶ ᠭᠦᠨᠵᠡᠭᠡᠶ ᠶᠠᠷᠢᠯᠴᠠᠪᠠ᠃    ᠲᠣᠰ ᠤᠳᠠᠭᠠᠨ ᠤ ᠰᠤᠷᠪᠤᠯᠵᠢᠯᠠᠭ᠎ᠠ ᠳᠤ ᠰᠠᠭᠤᠷᠢᠯᠠᠨ ᠪᠢᠳᠡ ᠵᠣᠴᠢᠳ ᠤᠨ ᠪᠠᠭᠤᠳᠠᠯ ᠯᠤᠭ᠎ᠠ ᠶᠢᠨ ᠨᠢᠭᠲᠠ ᠬᠠᠷᠢᠯᠴᠠᠭ᠎ᠠ ᠪᠠᠨ ᠪᠠᠲᠤᠯᠠᠵᠤ᠂ ᠵᠣᠴᠢᠳ ᠤᠨ ᠪᠠᠭᠤᠳᠠᠯ ᠤᠨ ᠡᠵᠡᠩᠨᠡᠯᠲᠡ ᠶᠢᠨ ᠪᠠᠶᠢᠳᠠᠯ ᠪᠠ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠶᠢ ᠴᠠᠭ ᠲᠤᠬᠠᠶ ᠳᠤᠨᠢ ᠤᠶᠢᠯᠠᠭᠠᠨ᠂ ᠪᠠᠭᠤᠳᠠᠯ ᠤᠨ ᠬᠥᠭᠵᠢᠯᠲᠡ ᠶᠢᠨ ᠬᠠᠨᠳᠤᠰᠢ ᠪᠠ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠶᠢ ᠤᠯᠠᠮ ᠨᠢᠭᠡ ᠠᠯᠬᠤᠮ ᠰᠤᠳᠤᠯᠵᠤ᠂ ᠠᠵᠤ ᠠᠬᠤᠶᠢᠯᠠᠯ ᠳᠤ ᠨᠠᠩ ᠴᠠᠭ ᠲᠤ᠂ ᠪᠦᠲᠦᠮᠵᠢᠲᠡᠶ ᠲᠥᠷᠥ ᠶᠢᠨ ᠪᠣᠳᠣᠯᠭ᠎ᠠ ᠶᠢᠨ ᠵᠥᠪᠯᠡᠯᠭᠡ ᠪᠠ ᠦᠢᠯᠡᠴᠢᠯᠡᠭᠡᠨ ᠤ ᠳᠡᠮᠵᠢᠯᠭᠡ ᠬᠠᠩᠭᠠᠨ᠎ᠠ᠃
 
ᠢᠷᠡᠯᠲᠡ᠄ ᠬᠤᠳᠠᠯᠳᠤᠭᠠᠨ ᠤ ᠶᠠᠪᠤᠳᠠᠯ ᠪᠠ ᠪᠠᠯᠠ ᠣᠷᠣᠭᠤᠯᠤᠯᠲᠠ ᠶᠢ ᠠᠬᠢᠭᠤᠯᠬᠤ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号