ᠲᠦᠮᠡᠳ ᠵᠡᠭᠦᠨ ᠬᠤᠰᠢᠭᠤᠨ ᠤ ᠨᠡᠶᠢᠭᠡᠮ ᠤᠨ ᠪᠠᠲᠤᠯᠠᠭ᠎ᠠ ᠶᠢᠨ ᠲᠥᠪ ᠣᠯᠠᠨ‌ᠵᠦ᠋ᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠡᠯᠧᠺᠲᠷᠣᠨ ᠨᠡᠶᠢᠭᠡᠮ ᠤᠨ ᠪᠠᠲᠤᠯᠠᠭ᠎ᠠ ᠶᠢᠨ ᠺᠠᠷᠲ ᠭᠤᠶᠤᠴᠢᠯᠠᠨ ᠠᠪᠬᠤ ᠠᠵᠢᠯ ᠢ ᠠᠬᠢᠭᠤᠯᠪᠠ
ᠨᠡᠶᠢᠲᠡᠯᠡᠭᠰᠡᠨ ᠴᠠᠭ᠄
2024/7/26
   ᠡᠯᠧᠺᠲᠷᠣᠨ ᠨᠡᠶᠢᠭᠡᠮ ᠤᠨ ᠪᠠᠲᠤᠯᠠᠭ᠎ᠠ ᠶᠢᠨ ᠺᠠᠷᠲ ᠢ ᠳᠡᠯᠭᠡᠷᠡᠭᠦᠯᠦᠨ ᠬᠡᠷᠡᠭᠯᠡᠬᠦ ᠪᠣᠯ ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠭᠡᠨ ᠤ ᠲᠣᠭᠠᠵᠢᠭᠤᠯᠤᠨ ᠬᠡᠯᠪᠡᠷᠢ ᠪᠠᠨ ᠬᠤᠪᠢᠷᠠᠭᠤᠯᠬᠤ ᠴᠢᠬᠤᠯᠠ ᠠᠷᠭ᠎ᠠ ᠬᠡᠮᠵᠢᠶ᠎ᠡ ᠶᠢᠨ ᠨᠢᠭᠡ ᠪᠣᠯᠤᠨ᠎ᠠ᠃ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠳᠡᠭᠡᠳᠦ ᠳᠤᠤᠷᠠᠳᠤ ᠱᠠᠲᠤ ᠪᠠᠷ ᠢᠶᠠᠨ ᠬᠤᠯᠪᠣᠭᠠᠯᠠᠨ ᠬᠥᠳᠡᠯᠦᠯᠴᠡᠵᠦ᠂ ᠴᠠᠭ ᠲᠤᠬᠠᠶ ᠳᠤᠨᠢ ᠬᠤᠷᠠᠯ ᠬᠤᠷᠠᠯᠳᠤᠭᠤᠯᠵᠤ᠂ ᠡᠯᠧᠺᠲᠷᠣᠨ ᠨᠡᠶᠢᠭᠡᠮ ᠤᠨ ᠪᠠᠲᠤᠯᠠᠭ᠎ᠠ ᠶᠢᠨ ᠺᠠᠷᠲ ᠢ ᠠᠬᠢᠭᠤᠯᠬᠤ ᠬᠤᠯᠪᠣᠭᠳᠠᠯ ᠪᠥᠬᠦᠶ ᠶᠠᠪᠤᠳᠠᠯ ᠢ ᠪᠠᠶᠢᠷᠢᠯᠠᠭᠤᠯᠵᠤ᠂ ᠨᠡᠶᠢᠭᠡᠮ ᠤᠨ ᠪᠠᠲᠤᠯᠠᠭ᠎ᠠ ᠶᠢᠨ ᠲᠥᠪ ᠢ ᠢᠳᠡᠪᠬᠢᠲᠡᠶ ᠨᠠᠶᠢᠳᠠᠪᠤᠷᠢᠵᠢᠭᠤᠯᠪᠠ᠃    ᠨᠢᠭᠡ ᠳᠤ᠂ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ ᠬᠤᠰᠢᠭᠤᠨ ᠤ ᠨᠡᠶᠢᠭᠡᠮ ᠤᠨ ᠪᠠᠲᠤᠯᠠᠭ᠎ᠠ ᠶᠢᠨ ᠲᠥᠪ ᠨᠢ ᠳᠠᠭᠠᠳᠬᠠᠯ ᠤᠨ ᠲᠥᠷᠥᠯ ᠢᠶᠠᠷ ᠲᠥᠷᠥᠯ ᠬᠤᠪᠢᠶᠠᠵᠤ᠂ ᠡᠯ᠎ᠡ ᠲᠠᠰᠤᠭ ᠤᠨ ᠪᠣᠳᠠᠲᠠᠶ ᠡᠭᠦᠷᠭᠡ ᠶᠢ ᠨᠠᠷᠢᠯᠢᠭᠵᠢᠭᠤᠯᠤᠨ᠂ ᠡᠯ᠎ᠡ ᠲᠠᠰᠤᠭ ᠤᠨ ᠬᠠᠷᠢᠭᠤᠴᠠᠯᠭᠠᠲᠠᠨ ᠢᠶᠠᠷ ᠭᠤᠤᠯ ᠪᠣᠯᠭᠠᠵᠤ᠂ ᠡᠯ᠎ᠡ ᠳᠠᠭᠠᠳᠬᠠᠯ ᠳᠤ ᠣᠷᠣᠯᠴᠠᠬᠤ ᠨᠢᠭᠡᠴᠡ ᠪᠠ ᠬᠥᠮᠦᠰ ᠲᠤ ᠲᠠᠷᠬᠠᠭᠠᠬᠤ ᠠᠵᠢᠯ ᠤᠨ ᠠᠬᠢᠭᠤᠯᠬᠤ ᠲᠣᠭᠲᠠᠴᠠ ᠶᠢ ᠲᠣᠭᠲᠠᠭᠠᠵᠤ᠂ ᠠᠵᠢᠯ ᠤᠨ ᠬᠠᠷᠢᠭᠤᠴᠠᠯᠭ᠎ᠠ ᠶᠢ ᠬᠥᠮᠦᠨ ᠳᠤ ᠬᠦᠷᠲᠡᠯ᠎ᠡ ᠨᠠᠶᠢᠳᠠᠪᠤᠷᠢᠵᠢᠭᠤᠯᠬᠤ᠂ ᠠᠵᠢᠯ ᠤᠨ ᠪᠠᠶᠢᠷᠢ ᠳᠤ ᠬᠦᠷᠲᠡᠯ᠎ᠡ ᠨᠠᠷᠢᠯᠢᠭᠵᠢᠭᠤᠯᠬᠤ ᠶᠢ ᠦᠨᠡᠨᠬᠦ ᠪᠠᠲᠤᠯᠠᠪᠠ᠃ ᠡᠯᠧᠺᠲᠷᠣᠨ ᠨᠡᠶᠢᠭᠡᠮ ᠤᠨ ᠪᠠᠲᠤᠯᠠᠭ᠎ᠠ ᠶᠢᠨ ᠺᠠᠷᠲ ᠭᠤᠶᠤᠴᠢᠯᠠᠨ ᠠᠪᠬᠤ ᠠᠵᠢᠯ ᠢ ᠭᠠᠷᠠᠭ ᠪᠦᠷᠢ ᠱᠠᠯᠠᠪᠳᠠᠭᠤᠯᠤᠨ ᠰᠠᠨᠠᠭᠤᠯᠵᠤ᠂ ᠬᠥᠮᠦᠨ ᠪᠦᠬᠦᠨ ᠬᠦᠨᠳᠦ ᠡᠭᠦᠷᠭᠡ ᠲᠠᠢ ᠪᠠᠶᠢᠬᠤ ᠶᠢ ᠦᠨᠡᠨ ᠬᠦ ᠪᠠᠲᠤᠯᠠᠵᠤ᠂ ᠡᠳᠦᠷ ᠪᠦᠷᠢ ᠰᠢᠨ᠎ᠡ ᠠᠬᠢᠴᠠ ᠲᠠᠢ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠴᠢᠩᠭ᠎ᠠ ᠡᠵᠡᠮᠳᠡᠵᠦ᠂ ᠡᠭᠦᠷᠭᠡ ᠪᠠᠨ ᠥᠨᠳᠥᠷ ᠪᠦᠲᠦᠮᠵᠢᠲᠡᠶ ᠪᠠᠷ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃    ᠬᠤᠶᠠᠷ ᠲᠤ᠂ ᠤᠬᠠᠭᠤᠯᠭ᠎ᠠ ᠶᠢᠨ ᠠᠵᠢᠯᠯᠠᠭ᠎ᠠ ᠶᠢ ᠭᠦᠨᠵᠡᠭᠡᠶ ᠥᠷᠨᠢᠭᠦᠯᠦᠨ᠎ᠡ᠃ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠶᠢ ᠤᠶᠠᠯᠳᠤᠭᠤᠯᠬᠤ ᠠᠷᠭ᠎ᠠ ᠮᠠᠶ᠋ᠢᠭ ᠢ ᠠᠪᠴᠤ᠂ ᠡᠯᠧᠺᠲᠷᠣᠨ ᠨᠡᠶᠢᠭᠡᠮ ᠤᠨ ᠪᠠᠲᠤᠯᠠᠭ᠎ᠠ ᠶᠢᠨ ᠺᠠᠷᠲ ᠭᠤᠶᠤᠴᠢᠯᠠᠨ ᠠᠪᠬᠤ ᠣᠯᠠᠨ ᠬᠡᠮᠵᠢᠯᠳᠦ ᠬᠡᠮᠵᠢᠶ᠎ᠡ᠂ ᠣᠯᠠᠨ ᠠᠷᠭ᠎ᠠ ᠵᠠᠮ᠂ ᠣᠯᠠᠨ ᠬᠡᠯᠪᠡᠷᠢ ᠶᠢᠨ ᠤᠬᠠᠭᠤᠯᠭ᠎ᠠ ᠶᠢ ᠥᠷᠨᠢᠭᠦᠯᠦᠨ᠎ᠡ᠃ ᠰᠦᠯᠵᠢᠶᠡᠨ ᠳᠡᠭᠡᠷ᠎ᠡ᠂ ᠸᠢᠴᠠᠲ ᠤᠨ ᠴᠤᠭᠯᠠᠷᠠᠯ᠂ ᠨᠠᠶᠢᠵᠠ ᠶᠢᠨ ᠲᠣᠭᠤᠷᠢᠭ᠂ ᠣᠯᠠᠨ ᠨᠡᠶᠢᠲᠡ ᠶᠢᠨ ᠳ᠋ᠤᠭᠠᠷ ᠵᠡᠷᠭᠡ ᠠᠷᠭ᠎ᠠ ᠵᠠᠮ ᠢᠶᠠᠷ ᠳᠠᠮᠵᠢᠭᠤᠯᠤᠨ ᠡᠯᠧᠺᠲᠷᠣᠨ ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠬᠡᠷᠡᠭᠯᠡᠯᠲᠡ ᠵᠢᠴᠢ ᠭᠤᠶᠤᠴᠢᠯᠠᠨ ᠠᠪᠬᠤ ᠶᠠᠪᠤᠴᠠ ᠶᠢ ᠶᠡᠬᠡᠪᠡᠷ ᠤᠬᠠᠭᠤᠯᠪᠠ᠃ ᠰᠦᠯᠵᠢᠶᠡᠨ ᠭᠠᠳᠠᠨ᠎ᠠ᠂ ᠣᠯᠠᠨ ᠨᠡᠶᠢᠲᠡ ᠶᠢᠨ ᠲᠠᠯᠠᠪᠤᠷ ᠪᠠ ᠠᠵᠢᠯᠯᠠᠬᠤ ᠭᠠᠵᠠᠷ ᠲᠤ ᠡᠯᠧᠺᠲᠷᠣᠨ ᠨᠡᠶᠢᠭᠡᠮ ᠤᠨ ᠪᠠᠲᠤᠯᠠᠭ᠎ᠠ ᠶᠢᠨ ᠺᠠᠷᠲ ᠨᠠᠭᠠᠵᠤ ᠰᠠᠨᠠᠭᠠᠴᠢᠯᠠᠭ᠎ᠠ ᠶᠢᠨ ᠪᠢᠴᠢᠭ᠂ ᠤᠬᠠᠭᠤᠯᠭ᠎ᠠ ᠶᠢᠨ ᠵᠠᠷᠯᠠᠯ ᠨᠠᠭᠠᠬᠤ᠂ ᠤᠬᠠᠭᠤᠯᠭ᠎ᠠ ᠶᠢᠨ ᠳᠡᠯᠭᠡᠨ ᠦᠵᠡᠭᠦᠯᠬᠦ ᠰᠠᠮᠪᠠᠷ᠎ᠠ ᠵᠡᠷᠭᠡ ᠪᠣᠳᠠᠲᠤ ᠪᠣᠳᠠᠰ ᠢ ᠲᠠᠯᠪᠢᠵᠤ ᠤᠬᠠᠭᠤᠯᠭ᠎ᠠ ᠬᠢᠨ᠎ᠡ᠃ ᠡᠭᠦᠨ ᠤ ᠬᠠᠮᠲᠤ ᠲᠤᠬᠠᠶ ᠶᠢᠨ ᠲᠠᠯᠠᠪᠤᠷ ᠤᠨ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ ᠲᠤᠬᠠᠶ ᠶᠢᠨ ᠲᠠᠯᠠᠪᠤᠷ ᠤᠨ ᠠᠰᠠᠭᠤᠯᠲᠠ ᠬᠠᠷᠢᠭᠤᠯᠲᠠ ᠶᠢ ᠵᠣᠬᠢᠶᠠᠨ ᠪᠠᠶᠢᠭᠤᠯᠬᠤ᠂ ᠣᠯᠠᠨ ᠲᠦᠮᠡᠨ ᠤ ᠠᠰᠠᠭᠤᠳᠠᠯ ᠢ ᠬᠠᠯᠠᠭᠤᠨ ᠢᠶᠠᠷ ᠬᠠᠷᠢᠭᠤᠯᠬᠤ ᠪᠠᠷ ᠳᠠᠮᠵᠢᠭᠤᠯᠤᠨ᠂ ᠠᠷᠠᠳ ᠣᠯᠠᠨ ᠢ ᠣᠷᠣᠯᠴᠠᠭᠤᠯᠵᠤ᠂ ᠤᠬᠠᠭᠤᠯᠭ᠎ᠠ ᠶᠢᠨ ᠦᠷ᠎ᠡ ᠪᠦᠲᠦᠮᠵᠢ ᠶᠢ ᠴᠢᠩᠭᠠᠳᠬᠠᠪᠠ᠃ ᠡᠭᠦᠨ ᠠᠴᠠ ᠭᠠᠳᠠᠨ᠎ᠠ᠂ ᠪᠠᠰᠠ ᠥᠷᠭᠡᠨ ᠣᠯᠠᠨ ᠺᠠᠳ᠋ᠷ ᠣᠯᠠᠨ ᠲᠦᠮᠡᠨ ᠤ ᠡᠯᠧᠺᠲᠷᠣᠨ ᠨᠡᠶᠢᠭᠡᠮ ᠤᠨ ᠪᠠᠲᠤᠯᠠᠭ᠎ᠠ ᠶᠢᠨ ᠺᠠᠷᠲ ᠭᠤᠶᠤᠴᠢᠯᠠᠨ ᠠᠪᠬᠤ ᠰᠠᠨᠠᠭᠠᠴᠢᠯᠠᠭ᠎ᠠ ᠶᠢᠨ ᠪᠢᠴᠢᠭ ᠢ ᠢᠳᠡᠪᠬᠢᠲᠡᠶ ᠪᠠᠷ ᠳᠠᠮᠵᠢᠭᠤᠯᠤᠨ ᠲᠠᠷᠬᠠᠭᠠᠬᠤ ᠶᠢ ᠵᠣᠷᠢᠭᠵᠢᠭᠤᠯᠵᠤ᠂ ᠨᠡᠶᠢᠭᠡᠮ ᠤᠨ ᠨᠥᠯᠥᠭᠡᠯᠡᠬᠦ ᠬᠦᠴᠦᠨ ᠢ ᠥᠷᠭᠡᠳᠬᠡᠪᠡ᠃    ᠭᠤᠷᠪᠠ ᠳᠤ᠂  ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠶᠢ ᠠᠬᠢᠭᠤᠯᠪᠠ᠃ ᠨᠡᠶᠢᠭᠡᠮ ᠤᠨ ᠪᠠᠲᠤᠯᠠᠭᠠᠨ ᠤ ᠲᠥᠪ ︽ᠬᠦᠮᠦᠨ ᠢᠶᠠᠷ ᠦᠨᠳᠦᠰᠦ ᠪᠣᠯᠭᠠᠬᠤ᠂ ᠠᠷᠠᠳ ᠲᠦᠮᠡᠨ ᠳᠤ ᠦᠢᠯᠡᠴᠢᠯᠡᠬᠦ︾ ᠣᠶᠢᠯᠠᠭᠠᠭᠳᠠᠬᠤᠨ ᠢ ᠢᠮᠠᠭᠲᠠ ᠪᠠᠷᠢᠮᠲᠠᠯᠠᠵᠤ᠃ ᠨᠢᠭᠡ ᠲᠠᠯ᠎ᠠ ᠪᠠᠷ᠂ ᠡᠯᠧᠺᠲᠷᠣᠨ ᠨᠡᠶᠢᠭᠡᠮ ᠤᠨ ᠪᠠᠲᠤᠯᠠᠭ᠎ᠠ ᠶᠢᠨ ᠺᠠᠷᠲ ᠭᠤᠶᠤᠴᠢᠯᠠᠨ ᠠᠪᠬᠤ ᠨᠠᠷᠢᠨ ᠶᠠᠪᠤᠴᠠ ᠶᠢ ᠡᠯ᠎ᠡ ᠲᠣᠮᠣ ᠲᠠᠪᠴᠠᠩ ᠳᠡᠭᠡᠷ᠎ᠡ ᠨᠡᠶᠢᠲᠡᠯᠡᠵᠦ᠂ ᠥᠷᠭᠡᠨ ᠣᠯᠠᠨ ᠲᠦᠮᠡᠨ ᠳᠤ ᠯᠠᠪᠯᠠᠯᠲᠠ ᠬᠠᠩᠭᠠᠪᠠ᠃ ᠨᠥᠭᠦᠭᠡ ᠲᠠᠯ᠎ᠠ ᠪᠠᠷ ᠨᠠᠰᠤᠲᠠᠶᠢᠴᠤᠳ᠂ ᠵᠡᠮᠳᠡᠭ ᠵᠡᠷᠭᠡ ᠣᠨᠴᠠᠭᠠᠶ ᠬᠥᠮᠦᠰ ᠲᠤ ᠬᠡᠷ ᠲᠤᠨᠢ ᠬᠦᠷᠴᠦ ᠦᠢᠯᠡᠴᠢᠯᠡᠭᠡ ᠬᠠᠩᠭᠠᠵᠤ᠂ ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠭᠡᠨ ᠤ ᠥᠷᠭᠡᠴᠡ ᠪᠠ ᠳᠤᠯᠠᠭᠠᠨ ᠢ ᠲᠠᠰᠤᠷᠠᠯᠲᠠ ᠥᠬᠡᠶ ᠳᠡᠭᠡᠭᠰᠢᠯᠡᠭᠦᠯᠪᠡ᠃    ᠳᠠᠷᠠᠭᠠᠴᠢ ᠶᠢᠨ ᠠᠯᠬᠤᠮ ᠳᠤ᠂ ᠨᠡᠶᠢᠭᠡᠮ ᠤᠨ ᠪᠠᠲᠤᠯᠠᠭ᠎ᠠ ᠶᠢᠨ ᠲᠥᠪ ᠠᠴᠠ ᠦᠢᠯᠡᠴᠢᠯᠡᠭᠡᠨ ᠤ ᠦᠷ᠎ᠡ ᠪᠦᠲᠦᠮᠵᠢ ᠪᠠᠨ ᠦᠷᠭᠦᠯᠵᠢᠯᠡᠨ ᠳᠡᠭᠡᠭᠰᠢᠯᠡᠭᠦᠯᠵᠦ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠤᠯᠠᠨ ᠲᠦᠮᠡᠨ ᠤ ᠬᠦᠴᠢᠷ ᠶᠠᠪᠤᠳᠠᠯ ᠢ ᠰᠢᠢᠳᠪᠦᠷᠢᠯᠡᠵᠦ᠂ ᠪᠣᠳᠠᠲᠠᠢ ᠶᠠᠪᠤᠳᠠᠯ ᠬᠢᠵᠦ᠂ ᠰᠠᠶᠢᠨ ᠶᠠᠪᠤᠳᠠᠯ ᠬᠢᠬᠦ ᠪᠠᠷ ᠴᠢᠷᠮᠠᠶᠢᠨ᠎ᠠ᠃ ᠡᠯᠧᠺᠲᠷᠣᠨ ᠨᠡᠶᠢᠭᠡᠮ ᠤᠨ ᠪᠠᠲᠤᠯᠠᠭ᠎ᠠ ᠶᠢᠨ ᠺᠠᠷᠲ ᠭᠤᠶᠤᠴᠢᠯᠠᠨ ᠠᠪᠬᠤ ᠠᠵᠢᠯ ᠢ ᠲᠦᠷᠭᠡᠳᠬᠡᠨ ᠠᠬᠢᠭᠤᠯᠵᠤ᠂ ︽ᠵᠢᠵᠢᠭ ᠺᠠᠷᠲ︾ ᠢᠶᠠᠷ ︽ᠶᠡᠭᠡ ᠠᠷᠠᠳ ᠤᠨ ᠠᠮᠢᠳᠤᠷᠠᠯ︾ ᠢ ᠡᠭᠦᠷᠭᠡᠯᠡᠬᠦ ᠶᠢ ᠦᠨᠡᠨᠬᠦ ᠪᠡᠶᠡᠯᠡᠭᠦᠯᠦᠨ᠎ᠡ᠃
 
ᠢᠷᠡᠯᠲᠡ᠄ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号