ᠪᠠᠢ ᠯᠢ ᠢᠦᠢ
ᠨᠡᠶᠢᠲᠡᠯᠡᠭᠰᠡᠨ ᠴᠠᠭ᠄
2024/7/26
 ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠬᠤᠰᠢᠭᠤᠨ ᠳᠠᠷᠤᠭ᠎ᠠᠠᠵᠢᠯ ᠤᠨ ᠬᠤᠪᠢᠶᠠᠷᠢᠯᠠᠯ᠄  ᠬᠤᠰᠢᠭᠤᠨ ᠳᠠᠷᠤᠭ᠎ᠠ ᠶᠢ ᠬᠠᠪᠰᠤᠷᠤᠨ ᠵᠠᠮ ᠲᠡᠭᠡᠭᠡᠪᠦᠷᠢ᠂ ᠴᠡᠷᠢᠭ ᠤᠨ ᠠᠯᠪᠠᠨ ᠠᠴᠠ ᠪᠠᠭᠤᠭᠰᠠᠳ ᠤᠨ ᠬᠡᠷᠡᠭ ᠶᠠᠪᠤᠳᠠᠯ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠦᠨᠳᠦᠰᠦᠲᠡᠨ ᠤ ᠬᠡᠷᠡᠭ ᠶᠠᠪᠤᠳᠠᠯ᠂ ᠵᠠᠭᠠᠯᠳᠤᠯᠭ᠎ᠠ ᠶᠢ ᠭᠥᠯᠢᠶᠡᠨ ᠠᠪᠤᠪᠠᠯ ᠳᠠᠷᠤᠶ ᠰᠢᠢᠳᠪᠦᠷᠢᠯᠡᠬᠦ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃   ᠬᠤᠪᠢᠳᠠᠨ ᠬᠠᠮᠢᠶᠠᠷᠬᠤ᠄ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠦᠨᠳᠦᠰᠦᠲᠡᠨ ᠤ ᠬᠡᠷᠡᠭ ᠶᠠᠪᠤᠳᠠᠯ ᠤᠨ ᠵᠥᠪᠯᠡᠯ᠂ ᠵᠠᠭᠠᠯᠳᠤᠯᠭ᠎ᠠ ᠶᠢ ᠬᠦᠯᠢᠶᠡᠨ ᠠᠪᠤᠭᠰᠠᠨ ᠳᠠᠷᠤᠢ ᠰᠢᠢᠳᠪᠦᠷᠢᠯᠡᠬᠦ ᠶᠢ ᠵᠢᠯᠣᠭᠤᠳᠤᠨ ᠲᠣᠬᠢᠷᠠᠭᠤᠯᠬᠤ ᠲᠥᠪ᠃ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠪᠡᠯᠡᠳᠬᠡᠯ ᠠᠯᠪᠠᠨ ᠴᠡᠷᠢᠭ ᠵᠢᠴᠢ ᠬᠤᠰᠢᠭᠤᠨ ᠳᠤ ᠰᠠᠭᠤᠭ᠎ᠠ ᠴᠡᠷᠢᠭ ᠠᠩᠭᠢ᠂ ᠭᠠᠯᠲᠤ ᠲᠡᠷᠭᠡᠨ ᠥᠷᠲᠡᠭᠡ ᠂ ᠴᠢᠯᠠᠭᠤᠨ ᠲᠣᠰᠣᠨ ᠤ ᠺᠣᠮᠫᠠᠨᠢ ᠲᠠᠢ ᠬᠠᠷᠢᠯᠴᠠᠨ᠎ᠠ᠃ ᠬᠤᠰᠢᠭᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃    ᠲᠣᠪᠴᠢ ᠲᠠᠨᠢᠯᠴᠠᠭᠤᠯᠭ᠎ᠠ    ᠪᠠᠢ ᠯᠢ ᠢᠦᠢ᠂ ᠡᠷᠡᠭᠲᠡᠢ᠂ ᠬᠤᠲᠣᠩ ᠦᠨᠳᠦᠰᠦᠲᠡᠨ᠂ ᠥᠪᠥᠷ ᠮᠣᠩᠭᠤᠯ ᠤᠨ ᠬᠥᠬᠡᠬᠤᠲᠠ ᠶᠢᠨ ᠬᠥᠮᠦᠨ᠂ 1983 ᠣᠨ ᠤ 7 ᠰᠠᠷ᠎ᠠ ᠳᠤ ᠲᠦᠷᠦᠵᠦ᠂ 2006 ᠣᠨ ᠤ 4 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠣᠵᠤ᠂ 2006 ᠣᠨ ᠤ 8 ᠰᠠᠷ᠎ᠠ ᠳᠤ ᠠᠵᠢᠯ ᠳᠤ ᠣᠷᠣᠵᠠᠢ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠤᠳᠤ ᠲᠦᠮᠡᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠬᠤᠰᠢᠭᠤᠨ ᠳᠠᠷᠤᠭ᠎ᠠ ᠶᠢᠨ ᠲᠤᠰᠢᠶᠠᠯ ᠲᠠᠢ᠃
 
ᠢᠷᠡᠯᠲᠡ᠄ ᠲᠥᠮᠡᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号