ᠳ᠋ᠦ᠋ ᠸᠧᠶ
ᠨᠡᠶᠢᠲᠡᠯᠡᠭᠰᠡᠨ ᠴᠠᠭ᠄
2024/7/27
 ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠬᠤᠰᠢᠭᠤᠨ ᠳᠠᠷᠤᠭ᠎ᠠ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠱᠦᠵᠢ᠂ ᠲᠣᠪᠴᠢᠶᠠᠨ ᠳᠠᠷᠤᠭ᠎ᠠ    ᠠᠵᠢᠯ ᠤᠨ ᠬᠤᠪᠢᠶᠠᠷᠢᠯᠠᠯ    ᠬᠤᠰᠢᠭᠤᠨ ᠳᠠᠷᠤᠭ᠎ᠠ ᠶᠢ ᠬᠠᠮᠵᠢᠨ ᠳᠣᠲᠣᠭᠠᠳᠤ ᠶᠢ ᠬᠠᠮᠠᠭᠠᠯᠠᠬᠤ᠂ ᠬᠠᠤᠯᠢ ᠴᠠᠭᠠᠵᠠ᠂ ᠵᠠᠬᠢᠳᠠᠯ ᠰᠤᠷᠪᠤᠯᠵᠢᠯᠠᠭ᠎ᠠ᠂ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ᠂ ᠵᠠᠰᠠᠭ ᠤᠨ ᠣᠷᠳᠣᠨ ᠤ ᠬᠠᠤᠯᠢ ᠲᠦᠷᠢᠮ᠂ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ᠂ ᠬᠠᠤᠯᠢ ᠴᠠᠭᠠᠵᠠ ᠶᠢᠨ ᠵᠥᠪᠯᠡᠭᠴᠢ ᠶᠢᠨ ᠯᠠᠪᠯᠠᠭ᠎ᠠ᠂ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠵᠡᠷᠭᠡ ᠲᠠᠯ᠎ᠠ ᠶᠢᠨ ᠠᠵᠢᠯ ᠢ ᠬᠠᠷᠢᠭᠤᠴᠠᠵᠤ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠪᠥᠬᠦ ᠲᠠᠯ᠎ᠠ ᠶᠢᠨ ᠠᠵᠢᠯ ᠢ ᠡᠷᠭᠢᠯᠡᠨ᠎ᠡ᠃      ᠬᠤᠪᠢᠳᠠᠨ ᠬᠠᠮᠢᠶᠠᠷᠬᠤ᠄ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠵᠠᠮ ᠬᠠᠷᠢᠯᠴᠠᠭᠠᠨ ᠤ ᠴᠠᠭᠳᠠᠭ᠎ᠠ ᠶᠢᠨ ᠶᠡᠭᠡ ᠠᠩᠭᠢ᠂ ᠵᠠᠬᠢᠳᠠᠯ ᠰᠤᠷᠪᠤᠯᠵᠢᠯᠠᠭ᠎ᠠ ᠶᠢ ᠭᠥᠯᠢᠶᠡᠨ ᠠᠪᠬᠤ ᠲᠥᠪ᠃ ᠬᠠᠷᠢᠯᠴᠠᠬᠤ ᠨᠢ᠄ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠂ ᠵᠡᠪᠰᠡᠭᠲᠦ ᠴᠠᠭᠳᠠᠭ᠎ᠠ ᠶᠢᠨ ᠳᠤᠮᠳᠠ ᠠᠩᠭᠢ᠃ ᠬᠤᠰᠢᠭᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃    ᠲᠣᠪᠴᠢ ᠲᠠᠨᠢᠯᠴᠠᠭᠤᠯᠭ᠎ᠠ    ᠳ᠋ᠦ᠋ ᠸᠧᠢ᠂ ᠡᠷᠡᠭᠲᠡᠢ᠂ ᠮᠣᠩᠭᠤᠯ ᠦᠨᠳᠦᠰᠦᠲᠡᠨ᠂ 1974 ᠣᠨ ᠤ 9 ᠰᠠᠷ᠎ᠠ ᠳᠤ ᠲᠦᠷᠦᠵᠠᠢ᠂ ᠥᠪᠥᠷ ᠮᠣᠩᠭᠤᠯ ᠤᠨ ᠤᠯᠠᠭᠠᠨᠬᠠᠳᠠ ᠶᠢᠨ ᠬᠥᠮᠦᠨ᠂ 1992 ᠣᠨ ᠤ 9 ᠰᠠᠷ᠎ᠠ ᠳᠤ ᠠᠵᠢᠯ ᠳᠤ ᠣᠷᠣᠵᠤ᠂ 1994 ᠣᠨ ᠤ 12 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠣᠵᠠᠢ᠂ ᠳᠤᠮᠳᠠᠳᠤ ᠤᠯᠤᠰ ᠤᠨ ᠤᠯᠤᠰ ᠲᠦᠷᠦ ᠬᠠᠤᠯᠢ ᠴᠠᠭᠠᠵᠠ ᠶᠢᠨ ᠶᠡᠭᠡ ᠰᠤᠷᠭᠠᠭᠤᠯᠢ ᠶᠢᠨ ᠬᠠᠤᠯᠢ ᠶᠢᠨ ᠤᠬᠠᠭᠠᠨ ᠤ ᠲᠤᠰᠬᠠᠢ ᠮᠡᠷᠭᠡᠵᠢᠯ ᠠᠴᠠ ᠲᠡᠭᠦᠰᠴᠡᠢ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠃ ᠤᠳᠤ ᠲᠦᠮᠡᠳ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠬᠤᠰᠢᠭᠤᠨ ᠤ ᠳᠡᠳ᠋ ᠳᠠᠷᠤᠭ᠎ᠠ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠶᠢᠨ ᠲᠤᠰᠢᠶᠠᠯ ᠢ ᠬᠠᠷᠢᠭᠤᠴᠠᠵᠤ ᠪᠠᠶᠢᠨ᠎ᠠ᠃
 
ᠢᠷᠡᠯᠲᠡ᠄ ᠲᠥᠮᠡᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号