ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ | ᠬᠤᠰᠢᠭᠤᠨ ᠤ ᠳᠡᠳ᠋ ᠳᠠᠷᠤᠭ᠎ᠠ᠂ ᠪᠢᠴᠢᠭᠡᠴᠢ ᠪᠠᠯᠭᠠᠰᠤᠨ ᠤ ᠨᠠᠮ ᠤᠨ ᠬᠤᠷᠢᠶᠠᠨ ᠤ ᠱᠦᠵᠢ | | ᠠᠵᠢᠯ ᠤᠨ ᠬᠤᠪᠢᠶᠠᠷᠢᠯᠠᠯ | ᠬᠤᠰᠢᠭᠤᠨ ᠳᠠᠷᠤᠭ᠎ᠠ ᠶᠢ ᠬᠠᠮᠵᠢᠨ ᠠᠮᠢ ᠠᠬᠤᠶ ᠶᠢᠨ ᠣᠷᠴᠢᠨ ᠲᠣᠭᠤᠷᠢᠨ᠂ ᠪᠠᠶᠢᠭᠠᠯᠢ ᠶᠢᠨ ᠡᠬᠢ ᠪᠠᠶᠠᠯᠢᠭ᠂ | ᠭᠠᠵᠠᠷ ᠰᠢᠷᠣᠶ ᠶᠢ ᠬᠤᠷᠢᠶᠠᠨ ᠨᠥᠭᠡᠴᠡᠯᠡᠬᠦ᠂ ᠠᠮᠢ ᠠᠬᠤᠶ ᠶᠢᠨ ᠪᠣᠯᠪᠠᠰᠤᠨ ᠬᠤᠲᠠ ᠪᠠᠯᠭᠠᠰᠤ ᠶᠢ ᠡᠭᠦᠳᠦᠨ | ᠪᠠᠶᠢᠭᠤᠯᠬᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠬᠤᠲᠠ ᠪᠠᠯᠭᠠᠰᠤ ᠶᠢᠨ | ᠨᠠᠷᠢᠯᠢᠬᠵᠢᠭᠤᠯᠤᠭᠰᠠᠨ ᠬᠠᠮᠢᠶᠠᠷᠤᠯᠲᠠ᠂ ᠴᠡᠴᠡᠷᠯᠢᠭ ᠤᠨ ᠨᠣᠭᠤᠭᠠᠷᠠᠭᠤᠯᠤᠯᠲᠠ᠂ ᠵᠢᠨᠱᠠᠨ ᠢᠯᠴᠢ ᠶᠢᠨ ᠴᠠᠬᠢᠯᠭᠠᠨ ᠤ | ᠦᠢᠯᠡᠳᠪᠦᠷᠢ ᠠᠴᠠ ᠴᠠᠭᠠᠰᠤᠴᠢ ᠪᠠᠯᠭᠠᠰᠤ ᠢᠯᠴᠢ ᠬᠠᠩᠭᠠᠬᠤ ᠬᠤᠭᠤᠯᠠᠶ ᠶᠢᠨ ᠲᠣᠤᠷ ᠤᠨ ᠲᠥᠷᠥᠯ ᠵᠦᠢᠯ᠂ | ᠤᠤᠯ ᠤᠨ ᠰᠢᠷ᠎ᠠ ᠠᠶᠢᠯ ᠤᠨ ᠨᠡᠭᠦᠷᠡᠰᠦᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠬᠡᠯᠪᠡᠷᠢ ᠪᠠᠨ | ᠬᠤᠪᠢᠷᠠᠭᠤᠯᠬᠤ ᠵᠡᠷᠭᠡ ᠲᠠᠯ᠎ᠠ ᠶᠢᠨ ᠠᠵᠢᠯ ᠢ ᠬᠠᠷᠢᠭᠤᠴᠠᠵᠤ᠂ ᠼᠦᠢ ᠵᠢᠶᠧ ᠳᠡᠳ᠋ ᠬᠤᠰᠢᠭᠤᠨ ᠳᠠᠷᠤᠭ᠎ᠠ ᠶᠢ | ᠬᠠᠮᠵᠢᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠢ ᠬᠠᠷᠢᠭᠤᠴᠠᠨ᠎ᠠ᠃ | ᠬᠤᠪᠢᠳᠠᠨ ᠬᠠᠮᠢᠶᠠᠷᠬᠤ᠄ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠭᠠᠵᠠᠷ ᠰᠢᠷᠣᠶ | ᠬᠤᠳᠠᠯᠳᠤᠨ ᠠᠪᠴᠤ ᠨᠥᠭᠡᠴᠡᠯᠡᠬᠦ ᠠᠷᠠᠯᠵᠢᠶᠠᠨ ᠤ ᠲᠥᠪ᠂ ᠣᠷᠣᠨ ᠰᠠᠭᠤᠴᠠ ᠪᠠ ᠬᠤᠲᠠ ᠬᠥᠳᠡᠭᠡ ᠶᠢᠨ | ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ | ᠬᠡᠷᠡᠭᠵᠢᠭᠦᠯᠬᠦ ᠲᠣᠪᠴᠢᠶ᠎ᠠ᠂ ᠲᠦᠮᠡᠳ ᠵᠡᠭᠦᠨ ᠬᠤᠰᠢᠭᠤᠨ ᠤ ᠴᠧᠩ ᠹᠠ ᠪᠡᠯᠡ ᠣᠷᠣᠭᠤᠯᠵᠤ ᠡᠵᠡᠩᠨᠡᠬᠦ ᠬᠢᠵᠠᠭᠠᠷᠲᠤ | ᠬᠠᠷᠢᠭᠤᠴᠠᠯᠭᠠᠲᠤ ᠺᠣᠮᠫᠠᠨᠢ᠃ ᠬᠠᠷᠢᠯᠴᠠᠬᠤ ᠨᠢ᠄ ᠬᠤᠰᠢᠭᠤᠨ ᠤ ᠠᠮᠢ ᠠᠬᠤᠶ ᠶᠢᠨ ᠣᠷᠴᠢᠨ ᠲᠣᠭᠤᠷᠢᠨ ᠤ | ᠬᠤᠪᠢᠶᠠᠷᠢ ᠲᠣᠪᠴᠢᠶ᠎ᠠ᠂ ᠭᠠᠵᠠᠷ ᠰᠢᠨᠵᠢᠯᠡᠭᠡᠨ ᠤ ᠬᠠᠶᠢᠨ ᠬᠡᠮᠵᠢᠯᠲᠡ ᠶᠢᠨ ᠨᠢᠭᠡᠳᠦᠭᠡᠷ ᠬᠦᠷᠢᠶᠡᠯᠡᠩ᠂ ᠰᠢᠷ᠎ᠠ | ᠡᠵᠡᠩᠨᠡᠯᠲᠡ ᠶᠢᠨ ᠪᠠᠷᠠᠭᠠᠨ ᠤ ᠭᠦᠶ᠋ᠯᠭᠡᠭᠡᠨ ᠤ ᠠᠵᠤ ᠦᠶ᠋ᠯᠡᠰ ᠤᠨ ᠨᠡᠭᠡᠭᠡᠨ ᠬᠥᠭᠵᠢᠭᠦᠯᠦᠯᠲᠡ ᠶᠢᠨ ᠬᠢᠵᠠᠭᠠᠷᠲᠤ | ᠺᠣᠮᠫᠠᠨᠢ᠂ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ᠂ ᠪᠠᠶᠢᠭᠠᠯᠢ ᠶᠢᠨ ᠰᠢᠲᠠᠮᠠᠬᠠᠶ ᠬᠡᠶ ᠶᠢᠨ ᠺᠣᠮᠫᠠᠨᠢ᠂ ᠡᠯ᠎ᠡ | ᠳᠤᠯᠠᠭᠠᠯᠠᠭ᠎ᠠ ᠶᠢᠨ ᠠᠵᠤ ᠠᠬᠤᠶᠢᠯᠠᠯ᠃ ᠬᠤᠰᠢᠭᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ | ᠪᠡᠶᠡᠯᠡᠭᠦᠯᠦᠨ᠎ᠡ᠃ | | ᠲᠣᠪᠴᠢ ᠲᠠᠨᠢᠯᠴᠠᠭᠤᠯᠭ᠎ᠠ | ᠵᠣᠣ ᠬᠤᠩ ᠰᠢᠩ᠂ ᠡᠷᠡᠭᠲᠡᠶ᠂ ᠮᠣᠩᠭᠤᠯ ᠦᠨᠳᠦᠰᠦᠲᠡᠨ᠂ 1981 ᠣᠨ ᠤ 4 ᠰᠠᠷ᠎ᠠ ᠳᠤ ᠳᠦᠷᠦᠵᠡᠶ᠂ | ᠥᠪᠥᠷ ᠮᠣᠩᠭᠤᠯ ᠤᠨ ᠲᠦᠩᠯᠢᠶᠣᠤ ᠶᠢᠨ ᠬᠥᠮᠦᠨ᠂ 2002 ᠣᠨ ᠤ 8 ᠰᠠᠷ᠎ᠠ ᠳᠤ ᠠᠵᠢᠯ ᠳᠤ ᠣᠷᠣᠵᠤ᠂ | 2005 ᠣᠨ ᠤ 8 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠣᠪᠠ᠂ ᠠᠰᠫᠢᠷᠠᠨᠲ ᠤᠨ | ᠰᠤᠷᠤᠯᠭ᠎ᠠ ᠶᠢᠨ ᠨᠠᠮᠲᠠᠷ ᠲᠠᠢ᠂ ᠣᠲᠣ ᠲᠦᠮᠡᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ | ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠬᠤᠰᠢᠭᠤᠨ ᠳᠠᠷᠤᠭ᠎ᠠ᠂ ᠪᠢᠴᠢᠭᠡᠴᠢ ᠪᠠᠯᠭᠠᠰᠤᠨ ᠤ | ᠨᠠᠮ ᠤᠨ ᠬᠤᠷᠢᠶᠠᠨ ᠤ ᠱᠦᠵᠢ ᠶᠢᠨ ᠲᠤᠰᠢᠶᠠᠯ ᠲᠠᠢ᠃ |