ᠲᠠᠶᠢᠭ᠎ᠠ ᠮᠣᠳᠤ ᠪᠠᠯᠭᠠᠰᠤᠨ ᠤ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠥᠷᠲᠡᠭᠡ ᠨᠢ ︽ᠠᠷᠠᠳ ᠤᠨ ᠪᠠᠶᠢᠳᠠᠯ ᠢ ᠣᠶᠢᠯᠠᠭᠠᠵᠤ᠂ ᠬᠠᠶᠢᠷ᠎ᠠ ᠰᠡᠳᠬᠢᠯᠭᠡ ᠶᠢ ᠶᠡᠬᠡᠪᠡᠷ ᠰᠤᠷᠪᠤᠯᠵᠢᠯᠠᠬᠤ︾ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/7/4
    ᠬᠠᠷᠢᠶᠠᠲᠤ ᠣᠷᠣᠨ ᠤ ᠬᠦᠴᠢᠷᠳᠡᠯᠲᠡᠶ ᠴᠡᠷᠢᠭ ᠠᠴᠠ ᠬᠠᠯᠠᠭᠳᠠᠭᠰᠠᠳ ᠤᠨ ᠬᠡᠷ ᠪᠦᠯᠢ ᠶᠢᠨ ᠠᠮᠢᠳᠤᠷᠠᠯ ᠤᠨ ᠪᠣᠳᠠᠲᠤ ᠪᠠᠶᠢᠳᠠᠯ ᠢ ᠭᠦᠨᠵᠡᠭᠡᠶ ᠣᠶᠢᠯᠠᠭᠠᠵᠤ᠂ ᠴᠡᠷᠢᠭ ᠠᠴᠠ ᠬᠠᠯᠠᠭᠳᠠᠭᠰᠠᠳ ᠯᠤᠭ᠎ᠠ ᠶᠢᠨ ᠬᠠᠶᠢᠷ᠎ᠠ ᠰᠡᠳᠬᠢᠯᠭᠡ ᠶᠢᠨ ᠬᠠᠷᠢᠯᠴᠠᠭ᠎ᠠ ᠶᠢ ᠤᠯᠠᠮ ᠨᠢᠭᠡ ᠠᠯᠬᠤᠮ ᠴᠢᠩᠭᠠᠳᠬᠠᠨ᠂ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠲᠥᠯᠥᠭᠡ᠂ 7 ᠰᠠᠷ᠎ᠠ ᠶᠢᠨ 2 ᠤᠨ ᠡᠳᠦᠷ᠂ ᠲᠠᠶᠢᠭ᠎ᠠ ᠮᠣᠳᠤ ᠪᠠᠯᠭᠠᠰᠤᠨ ᠤ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠥᠷᠲᠡᠭᠡ ︽ᠠᠷᠠᠳ ᠤᠨ ᠪᠠᠶᠢᠳᠠᠯ ᠢ ᠣᠶᠢᠯᠠᠭᠠᠵᠤ᠂ ᠰᠡᠳᠬᠢᠯ ᠢ ᠲᠤᠯᠠᠭᠠᠴᠠᠭᠤᠯᠤᠨ ᠶᠡᠬᠡᠪᠡᠷ ᠰᠤᠷᠪᠤᠯᠵᠢᠯᠠᠬᠤ︾ ᠠᠵᠢᠯᠯᠠᠭ᠎ᠠ ᠥᠷᠨᠢᠭᠦᠯᠵᠦ᠂ ᠲᠠᠶᠢᠭ᠎ᠠ ᠮᠣᠳᠤ ᠪᠠᠯᠭᠠᠰᠤᠨ ᠤ 2024 ᠣᠨ ᠤ ᠭᠤᠷᠪᠠᠳᠤᠭᠠᠷ ᠤᠯᠠᠷᠢᠯ ᠤᠨ ᠴᠡᠷᠢᠭ ᠠᠴᠠ ᠬᠠᠯᠠᠭᠳᠠᠭᠰᠠᠳ ᠲᠠᠢ ᠬᠠᠷᠢᠯᠴᠠᠬᠤ ᠠᠵᠢᠯ ᠤᠨ ᠬᠥᠰᠢᠭᠡ ᠶᠢ ᠰᠡᠬᠦᠪᠡ᠃    ᠡᠷᠦᠬᠡ ᠳᠤ ᠣᠷᠣᠵᠤ ᠰᠤᠷᠪᠤᠯᠵᠢᠯᠠᠬᠤ ᠳᠤᠮᠳᠠ᠂ ᠪᠠᠯᠭᠠᠰᠤᠨ ᠤ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠥᠷᠲᠡᠭᠡ ᠶᠢᠨ ᠠᠵᠢᠯᠲᠠᠨ ᠪᠣᠯᠤᠨ ᠴᠡᠷᠢᠭ ᠠᠴᠠ ᠬᠠᠯᠠᠭᠳᠠᠭᠰᠠᠳ ᠵᠢᠴᠢ ᠲᠡᠳᠡᠨ ᠤ ᠬᠡᠷ ᠪᠦᠯᠢ ᠶᠢᠨ ᠣᠶᠢᠷ᠎ᠠ ᠶᠢᠨ ᠪᠠᠶᠢᠳᠠᠯ ᠢ ᠨᠠᠷᠢᠨ ᠠᠰᠠᠭᠤᠨ ᠯᠠᠪᠯᠠᠵᠤ᠂ ᠲᠡᠳᠡᠨ ᠤ ᠬᠦᠰᠡᠯ ᠱᠠᠭᠠᠷᠳᠠᠯᠭ᠎ᠠ ᠪᠠ ᠰᠡᠳᠬᠢᠯ ᠤᠨ ᠳᠠᠭᠤᠨ ᠢ ᠨᠠᠷᠢᠨ ᠬᠢᠨᠠᠮᠠᠭᠠᠶ ᠰᠣᠨᠣᠰᠴᠤ᠂ ᠲᠡᠳᠡᠨ ᠳᠤ ᠣᠳᠣᠬᠠᠨ ᠤ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠬᠦᠯᠢᠴᠡᠩᠭᠦᠶ ᠨᠢᠮᠪᠠᠶ ᠲᠠᠶᠢᠯᠪᠤᠷᠢᠯᠠᠨ ᠥᠭᠴᠦ᠂ ᠲᠡᠳᠡᠨ ᠢ ᠪᠡᠶ᠎ᠡ ᠪᠠᠨ ᠭᠠᠮᠨᠠᠵᠤ᠂ ᠪᠠᠶᠠᠰᠤᠩᠭᠤᠶ ᠰᠡᠳᠬᠢᠯᠭᠡ ᠲᠠᠢ ᠪᠠᠶᠢᠵᠤ᠂ ᠬᠦᠴᠢᠷᠳᠡᠯ ᠲᠠᠢ ᠪᠣᠯ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠥᠷᠲᠡᠭᠡ ᠳᠤ ᠴᠠᠭ ᠲᠤᠬᠠᠶ ᠳᠤᠨᠢ ᠲᠤᠰᠬᠠᠬᠤ ᠬᠡᠷᠡᠭᠲᠡᠶ ᠭᠡᠵᠦ ᠵᠠᠬᠢᠭᠰᠠᠨ ᠪᠥᠭᠡᠳ ᠬᠤᠯᠪᠣᠭᠳᠠᠯ ᠪᠥᠬᠦᠶ ᠲᠡᠮᠳᠡᠭᠯᠡᠯ ᠢ ᠰᠠᠶᠢᠲᠤᠷ ᠬᠢᠵᠦ᠂ ᠰᠠᠭᠤᠷᠢ ᠲᠤᠭ᠎ᠠ ᠨᠢ ᠲᠣᠳᠣᠷᠬᠠᠶ᠂ ᠪᠠᠶᠢᠳᠠᠯ ᠨᠢ ᠲᠣᠳᠣᠷᠬᠠᠶ ᠪᠠᠶᠢᠬᠤ ᠶᠢ ᠪᠡᠶᠡᠯᠡᠭᠦᠯᠪᠡ᠃    ᠲᠠᠷᠠᠭᠠᠴᠢ ᠶᠢᠨ ᠠᠯᠬᠤᠮ ᠳᠤ᠂ ᠲᠠᠶᠢᠭ᠎ᠠ ᠮᠣᠳᠤ ᠪᠠᠯᠭᠠᠰᠤᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠥᠷᠲᠡᠭᠡ ᠨᠢ ᠠᠶᠢᠯ ᠡᠷᠦᠬᠡ ᠳᠤ ᠬᠦᠷᠴᠦ ᠰᠤᠷᠪᠤᠯᠵᠢᠯᠠᠬᠤ ᠠᠵᠢᠯ ᠢ ᠦᠷᠭᠦᠯᠵᠢᠯᠡᠨ ᠪᠠᠶᠢᠩᠭᠤᠵᠢᠭᠤᠯᠤᠨ ᠥᠷᠨᠢᠭᠦᠯᠵᠦ᠂ ᠴᠡᠷᠢᠭ ᠤᠨ ᠠᠯᠪᠠ ᠠᠴᠠ ᠬᠠᠯᠠᠭᠳᠠᠭᠰᠠᠳ ᠪᠠ ᠪᠤᠰᠤᠳ ᠠᠰᠠᠷᠠᠨ ᠬᠠᠷᠠᠭᠠᠯᠵᠠᠬᠤ ᠡᠲᠡᠭᠡᠳ ᠢ ᠬᠠᠯᠠᠮᠵᠢᠯᠠᠨ ᠬᠠᠶᠢᠷᠠᠯᠠᠬᠤ ᠪᠠᠨ ᠴᠢᠩᠭᠠᠳᠬᠠᠵᠤ᠂ ᠴᠡᠷᠢᠭ ᠤᠨ ᠠᠯᠪᠠ ᠠᠴᠠ ᠬᠠᠯᠠᠭᠳᠠᠭᠰᠠᠳ ᠪᠠ ᠪᠤᠰᠤᠳ ᠠᠰᠠᠷᠠᠨ ᠬᠠᠷᠠᠭᠠᠯᠵᠠᠬᠤ ᠡᠲᠡᠭᠡᠳ ᠲᠤ ᠪᠣᠳᠠᠲᠠᠶ ᠶᠠᠪᠤᠳᠠᠯ᠂ ᠰᠠᠶᠢᠨ ᠶᠠᠪᠤᠳᠠᠯ ᠬᠢᠵᠦ᠂ ᠬᠦᠴᠢᠷ ᠠᠰᠠᠭᠤᠳᠠᠯ ᠢ ᠰᠢᠢᠳᠪᠦᠷᠢᠯᠡᠵᠦ᠂ ᠬᠦᠴᠢᠷᠳᠡᠯ ᠲᠠᠢ ᠴᠡᠷᠢᠭ ᠤᠨ ᠠᠯᠪᠠ ᠠᠴᠠ ᠬᠠᠯᠠᠭᠳᠠᠭᠰᠠᠳ ᠪᠠ ᠪᠤᠰᠤᠳ ᠠᠰᠠᠷᠠᠨ ᠬᠠᠷᠠᠭᠠᠯᠵᠠᠬᠤ ᠡᠲᠡᠭᠡᠳ ᠢ ᠬᠠᠪᠰᠤᠷᠤᠨ ᠲᠡᠳᠬᠦᠵᠦ ᠲᠤᠰᠠᠯᠠᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃
 
ᠢᠷᠡᠯᠲᠡ᠄ ᠲᠠᠶᠢᠭ᠎ᠠ ᠮᠣᠳᠤ ᠪᠠᠯᠭᠠᠰᠤ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号