ᠲᠠᠷᠢᠶᠠᠯᠠᠩ ᠬᠥᠳᠡᠭᠡ ᠲᠣᠰᠬᠤᠨ ᠤ ᠶᠠᠮᠤᠨ ᠠᠴᠠ ᠮᠠᠨ ᠤ ᠬᠤᠰᠢᠭᠤᠨ ᠳᠤ ᠢᠷᠡᠵᠦ ᠲᠦᠭᠦᠬᠡᠶ ᠰᠦ ᠶᠢᠨ ᠶᠠᠰᠤ ᠴᠢᠨᠠᠷ ᠤᠨ ᠠᠮᠤᠷ ᠲᠦᠪᠰᠢᠨ ᠢ ᠬᠢᠨᠠᠨ ᠬᠡᠮᠵᠢᠵᠦ ᠥᠯᠢᠭᠡᠷ ᠠᠪᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2024/7/4
    ᠲᠦᠭᠦᠬᠡᠢ ᠰᠦ ᠶᠢᠨ ᠶᠠᠰᠤ ᠴᠢᠨᠠᠷ ᠤᠨ ᠠᠮᠤᠷ ᠲᠦᠪᠰᠢᠨ ᠢ ᠪᠠᠲᠤᠯᠠᠵᠤ᠂ ᠠᠷᠠᠳ ᠢᠷᠭᠡᠳ ᠲᠤ ᠰᠠᠨᠠᠭ᠎ᠠ ᠠᠮᠤᠷ ᠰᠦ ᠤᠤᠭᠤᠯᠭᠠᠬᠤ ᠶᠢᠨ ᠲᠥᠯᠥᠭᠡ᠂ ︽ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠠᠯᠪᠠᠨ ᠲᠢᠩᠬᠢᠮ ᠤᠨ 2024 ᠣᠨ ᠤ ᠰᠢᠨ᠎ᠡ ᠲᠦᠭᠦᠬᠡᠶ ᠰᠦ ᠶᠢᠨ ᠶᠠᠰᠤ ᠴᠢᠨᠠᠷ ᠤᠨ ᠠᠮᠤᠷ ᠲᠦᠪᠰᠢᠨ ᠢ ᠪᠠᠶᠢᠴᠠᠭᠠᠨ ᠰᠢᠯᠭᠠᠬᠤ ᠪᠠ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠠᠵᠢᠯ ᠢ ᠥᠷᠨᠢᠭᠦᠯᠬᠦ ᠲᠤᠬᠠᠶ ᠮᠡᠳᠡᠭᠳᠡᠯ︾ ᠤᠨ ᠱᠠᠭᠠᠷᠳᠠᠯᠭ᠎ᠠ ᠶᠢ ᠦᠨᠳᠦᠰᠦᠯᠡᠨ᠂ 2024 ᠣᠨ ᠤ 7 ᠰᠠᠷ᠎ᠠ ᠶᠢᠨ 2 ᠤᠨ ᠡᠳᠦᠷ ᠠᠴᠠ 3 ᠤ ᠡᠳᠦᠷ ᠪᠣᠯᠲᠠᠯ᠎ᠠ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠠᠴᠠ ᠵᠥᠩ ᠶᠢᠦ ᠪᠠᠶᠢᠴᠠᠭᠠᠨ ᠰᠢᠯᠭᠠᠬᠤ ᠮᠡᠷᠭᠡᠵᠢᠯ ︵ᠲᠢᠶᠠᠨᠵᠢᠨ︶ ᠤᠨ ᠬᠢᠵᠠᠭᠠᠷᠲᠤ ᠺᠣᠮᠫᠠᠨᠢ ᠳᠤ ᠨᠠᠶᠢᠳᠠᠵᠤ ᠮᠠᠨ ᠤ ᠬᠤᠰᠢᠭᠤᠨ ᠳᠤ ᠲᠦᠭᠦᠬᠡᠶ ᠰᠦᠨ ᠤ ᠶᠠᠰᠤ ᠴᠢᠨᠠᠷ ᠤᠨ ᠠᠮᠤᠷ ᠲᠦᠪᠰᠢᠨ ᠢ ᠬᠢᠨᠠᠨ ᠰᠢᠯᠭᠠᠵᠤ ᠥᠯᠢᠭᠡᠷ ᠠᠪᠬᠤ ᠠᠵᠢᠯ ᠢ ᠥᠷᠨᠢᠭᠦᠯᠪᠡ᠃    ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠠᠵᠢᠯᠲᠠᠳ ᠬᠤᠶᠠᠷ ᠳᠤᠭᠤᠶᠢᠯᠠᠩ ᠬᠤᠪᠢᠶᠠᠨ ᠵᠥᠩ ᠶᠢᠦ ᠪᠠᠶᠢᠴᠠᠭᠠᠨ ᠰᠢᠯᠭᠠᠬᠤ ᠮᠡᠷᠭᠡᠵᠢᠯ ︵ᠲᠢᠶᠠᠨᠵᠢᠨ︶ ᠤᠨ ᠬᠢᠵᠠᠭᠠᠷᠲᠤ ᠺᠣᠮᠫᠠᠨᠢ ᠶᠢᠨ ᠰᠤᠭᠤᠴᠢᠨ ᠪᠠᠶᠢᠴᠠᠭᠠᠬᠤ ᠬᠥᠮᠦᠰ ᠲᠤ ᠪᠠᠷ᠎ᠠ ᠪᠣᠯᠵᠣ ᠬᠦᠷᠴᠦ᠂ ᠮᠠᠨ ᠤ ᠬᠤᠰᠢᠭᠤᠨ ᠤ 11 ᠲᠦᠭᠦᠬᠡᠶ ᠰᠦ ᠬᠤᠳᠠᠯᠳᠤᠨ ᠠᠪᠬᠤ ᠥᠷᠲᠡᠭᠡ ᠳᠤ ᠲᠦᠭᠦᠬᠡᠶ ᠰᠦ ᠬᠤᠳᠠᠯᠳᠤᠨ ᠠᠪᠬᠤ ᠥᠷᠲᠡᠭᠡ ᠵᠢᠴᠢ ᠲᠦᠭᠦᠬᠡᠶ  ᠰᠦ ᠲᠡᠭᠡᠭᠡᠪᠦᠷᠢᠯᠡᠬᠦ ᠲᠡᠷᠭᠡ ᠶᠢᠨ ᠪᠠᠷᠢᠮᠵᠢᠶᠠᠵᠢᠭᠤᠯᠤᠭᠰᠠᠨ ᠬᠠᠮᠢᠶᠠᠷᠤᠯᠲᠠ ᠶᠢᠨ ᠪᠠᠶᠢᠴᠠᠭᠠᠯᠲᠠ ᠶᠢᠨ ᠠᠭᠤᠯᠭ᠎ᠠ ᠵᠢᠴᠢ ᠮᠠᠭᠠᠳᠯᠠᠨ ᠲᠣᠭᠲᠠᠭᠠᠬᠤ ᠪᠠᠷᠢᠮᠵᠢᠶ᠎ᠠ ᠶᠣᠰᠣᠭᠠᠷ ᠲᠤᠬᠠᠶ ᠶᠢᠨ ᠲᠠᠯᠠᠪᠤᠷ ᠤᠨ ᠪᠠᠶᠢᠴᠠᠭᠠᠯᠲᠠ ᠬᠢᠪᠠ᠃ ᠲᠡᠷᠡᠴᠢᠯᠡᠨ ᠲᠦᠭᠦᠬᠡᠢ ᠰᠦ ᠬᠤᠳᠠᠯᠳᠤᠨ ᠠᠪᠬᠤ ᠦᠷᠳᠡᠭᠡ ᠳᠤ 11 ᠪᠦᠯᠦᠭ ᠤᠳᠠᠭ᠎ᠠ ᠶᠢᠨ ᠲᠦᠭᠦᠬᠡᠢ ᠰᠦ ᠰᠤᠭᠤᠴᠢᠨ ᠪᠠᠶᠢᠴᠠᠭᠠᠵᠤ᠂ ᠢᠯᠢ ᠦᠢᠯᠡᠳᠪᠦᠷᠢ ᠳᠤ 42 ᠪᠦᠯᠦᠭ ᠲᠦᠬᠦᠬᠡᠢ ᠰᠦ ᠰᠤᠭᠤᠴᠢᠨ ᠪᠠᠶᠢᠴᠠᠭᠠᠪᠠ᠃    ᠲᠣᠰ ᠤᠳᠠᠭᠠᠨ ᠤ ᠲᠦᠭᠦᠬᠡᠶ ᠰᠦ ᠶᠢᠨ ᠶᠠᠰᠤ ᠴᠢᠨᠠᠷ ᠤᠨ ᠠᠮᠤᠷ ᠲᠦᠪᠰᠢᠨ ᠢ ᠬᠢᠨᠠᠨ ᠬᠡᠮᠵᠢᠵᠦ ᠥᠯᠢᠭᠡᠷ ᠠᠪᠬᠤ ᠠᠵᠢᠯ ᠢᠶᠠᠷ ᠳᠡᠮᠵᠢᠨ᠂ ᠮᠠᠨ ᠤ ᠬᠤᠰᠢᠭᠤᠨ ᠤ ᠲᠦᠭᠦᠬᠡᠶ ᠰᠦ ᠶᠢᠨ ᠶᠠᠰᠤ ᠴᠢᠨᠠᠷ ᠤᠨ ᠠᠮᠤᠷ ᠲᠦᠪᠰᠢᠨ ᠤ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠡᠷᠡᠭᠯᠡᠭᠴᠢᠳ ᠤᠨ ᠡᠷᠡᠭᠦᠯ ᠮᠡᠨᠳᠦ ᠶᠢᠨ ᠡᠷᠬᠡ ᠠᠰᠢᠭ ᠢ ᠨᠠᠩ ᠬᠦᠴᠦᠲᠡᠶ ᠪᠠᠲᠤᠯᠠᠬᠤ ᠪᠣᠯᠤᠨ᠎ᠠ᠃ ᠡᠭᠦᠨ ᠤ ᠬᠠᠮᠲᠤ᠂ ᠡᠨᠡ ᠨᠢ ᠪᠠᠰᠠ ᠮᠠᠨ ᠤ ᠬᠤᠰᠢᠭᠤᠨ ᠤ ᠰᠦ ᠶᠢᠨ ᠦᠢᠯᠡᠰ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠳᠤ ᠬᠦᠴᠦᠨ ᠴᠢᠳᠠᠯ ᠢᠶᠠᠨ ᠡᠷᠭᠦᠬᠦ ᠪᠣᠯᠤᠨ᠎ᠠ᠃ ᠮᠠᠨ ᠤ ᠲᠥᠪ ᠠᠴᠠ ᠲᠦᠭᠦᠬᠡᠶ ᠰᠦ ᠶᠢᠨ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠦᠷᠭᠦᠯᠵᠢᠯᠡᠨ ᠴᠢᠩᠭᠠᠳᠬᠠᠵᠤ᠂ ᠣᠷᠳᠣ ᠬᠤᠭᠤᠴᠠᠭᠠᠨ ᠤ ᠪᠦᠲᠦᠮᠵᠢᠲᠡᠶ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠲᠦᠭᠦᠬᠡᠶ ᠰᠦ ᠶᠢᠨ ᠶᠠᠰᠤ ᠴᠢᠨᠠᠷ ᠤᠨ ᠠᠮᠤᠷ ᠲᠦᠪᠰᠢᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠨ᠎ᠠ᠃
 
ᠢᠷᠡᠯᠲᠡ᠄ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号