ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 113 ᠳ᠋ᠤᠭᠠᠷ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/7/4
    7 ᠰᠠᠷ᠎ᠠ ᠶᠢᠨ 3 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠮᠡᠳ ᠵᠡᠭᠦᠨ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ 113 ᠳ᠋ᠤᠭᠠᠷ ᠬᠤᠷᠠᠯ ᠬᠤᠷᠠᠯᠳᠤᠪᠠ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠬᠠᠶ ᠶᠢᠩ ᠬᠤᠷᠠᠯ ᠡᠷᠭᠢᠯᠡᠪᠡ᠃    ᠬᠤᠷᠠᠯ ᠠᠴᠠ 6 ᠰᠠᠷ᠎ᠠ ᠶᠢᠨ 27 ᠤ ᠡᠳᠦᠷ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ 15 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠳᠡᠭᠡᠷ᠎ᠡ ᠶᠠᠷᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠥᠬᠦᠶ ᠪᠠᠶᠠᠷ ᠤᠨ ᠵᠠᠬᠢᠳᠠᠯ᠂ ᠪᠠᠶᠠᠷ ᠤᠨ ᠴᠠᠬᠢᠯᠭᠠᠨ᠂ ᠬᠠᠷᠢᠭᠤ ᠵᠠᠬᠢᠳᠠᠯ ᠤᠨ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ ᠲᠤᠬᠠᠶ ᠴᠢᠬᠤᠯᠠ ᠥᠭᠦᠯᠡᠯᠲᠡ᠂ ᠪᠥᠬᠦ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 136 ᠳ᠋ᠤᠭᠠᠷ ᠤᠳᠠᠭᠠᠨ ᠤ ᠬᠤᠷᠠᠯ ᠤᠨ ᠵᠣᠷᠢᠭ ᠰᠠᠨᠠᠭ᠎ᠠ᠂ ᠪᠥᠬᠦ ᠬᠤᠰᠢᠭᠤᠨ ᠤ ᠦᠨᠳᠦᠰᠦᠨ ᠱᠠᠲᠤᠨ ᠤ ᠵᠠᠰᠠᠯᠲᠠ ᠶᠢᠨ ᠠᠵᠢᠯ ᠤᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠪᠠ᠃ ︽ᠠᠷᠪᠠᠨ ᠨᠢᠭᠡᠳᠦᠭᠡᠷ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠬᠤᠶᠠᠳᠤᠭᠠᠷ ᠡᠭᠡᠯᠵᠢ ᠶᠢᠨ ᠬᠥᠬᠡᠬᠤᠲᠠ ᠶᠢ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠤᠭᠰᠠᠨ ᠲᠤᠬᠠᠶ ᠮᠡᠳᠡᠭᠦᠯᠦᠯᠲᠡ︾᠂ ︽ᠠᠷᠪᠠᠨ ᠨᠢᠭᠡᠳᠦᠭᠡᠷ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠬᠤᠶᠠᠳᠤᠭᠠᠷ ᠡᠭᠡᠯᠵᠢ ᠶᠢᠨ ᠬᠥᠬᠡᠬᠤᠲᠠ ᠶᠢ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠤᠨ ᠴᠡᠭᠴᠡᠯᠡᠨ ᠰᠠᠶᠢᠵᠢᠷᠠᠭᠤᠯᠤᠭᠰᠠᠨ ᠲᠤᠬᠠᠶ ᠮᠡᠳᠡᠭᠦᠯᠦᠯᠲᠡ︾ ᠶᠢ ᠬᠢᠨᠠᠨ ᠵᠥᠪᠯᠡᠭᠰᠡᠨ ᠪᠥᠭᠡᠳ ᠬᠠᠮᠢᠶ᠎ᠠ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠪᠣᠯᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠥᠴᠦᠬᠡᠨ ᠴᠦ ᠰᠤᠯᠠᠷᠠᠭᠤᠯᠤᠯ ᠦᠭᠡᠢ ᠪᠠᠬᠢᠵᠢᠭᠦᠯᠦᠨ ᠥᠷᠭᠡᠳᠬᠡᠵᠦ᠂ ᠬᠡᠪᠴᠢᠶᠡᠵᠢᠭᠰᠡᠨ ᠴᠢᠨᠠᠷᠲᠠᠢ ᠲᠠᠬᠢᠨ ᠶᠠᠳᠠᠭᠤᠷᠠᠬᠤ ᠬᠤᠷᠢᠭ᠎ᠠ ᠱᠤᠭᠤᠮ ᠢ ᠡᠷᠡᠰ ᠪᠠᠲᠤ ᠰᠠᠬᠢᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠠᠵᠢᠯ ᠢ ᠤᠨᠢᠨ ᠳᠡᠭᠡᠷ᠎ᠡ ᠨᠢ ᠬᠦᠴᠦᠲᠡᠢ ᠰᠠᠶᠢᠲᠤᠷ ᠬᠢᠬᠦ ᠶᠢᠨ ᠬᠠᠮᠲᠤ ᠦᠯᠡᠳᠡᠭᠳᠡᠯ ᠠᠰᠠᠭᠤᠳᠠᠯ ᠢ ᠱᠠᠯᠠᠪᠳᠠᠨ ᠰᠠᠶᠢᠲᠤᠷ ᠰᠢᠢᠳᠪᠦᠷᠢᠯᠡᠬᠦ ᠬᠡᠷᠡᠭᠲᠡᠢ᠃ ᠨᠢᠭᠡᠳᠦᠯᠲᠡᠢ ᠲᠥᠯᠥᠪᠵᠢᠭᠦᠯᠬᠦ ᠶᠢ ᠰᠠᠶᠢᠲᠤᠷ ᠬᠢᠵᠦ᠂ ᠦᠨᠳᠦᠰᠦᠨ ᠱᠠᠲᠤᠨ ᠤ ᠵᠠᠰᠠᠯᠲᠠ ᠶᠢᠨ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠥᠷᠭᠡᠨ ᠤᠯᠠᠨ ᠲᠣᠰᠬᠤᠨ ᠤ ᠠᠷᠠᠳ ᠤᠨ ᠠᠵᠤ ᠦᠢᠯᠡᠰ ᠢᠶᠠᠨ ᠬᠥᠭᠵᠢᠭᠦᠯᠬᠦ ᠂ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠶᠢ ᠨᠡᠩ ᠰᠠᠶᠢᠲᠤᠷ ᠬᠦᠳᠦᠯᠦᠨ ᠵᠢᠯᠣᠭᠤᠳᠬᠤ ᠪᠠ ᠳᠠᠶᠢᠴᠢᠯᠠᠬᠤ ᠬᠡᠷᠡᠭᠲᠡᠢ᠃    ᠬᠤᠷᠠᠯ ᠠᠴᠠ᠂ ᠠᠮᠤᠷ ᠲᠦᠪᠰᠢᠨ ᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠦᠶᠡᠷ ᠢ ᠰᠡᠷᠭᠡᠶᠢᠯᠡᠬᠦ ᠠᠵᠢᠯ ᠢ ᠨᠢᠭᠡᠳᠦᠯᠲᠡᠢ ᠲᠥᠯᠥᠪᠵᠢᠭᠦᠯᠵᠦ᠂ ᠯᠠᠪᠳᠠᠭᠤᠨ ᠪᠠᠲᠤᠲᠠᠢ ᠠᠬᠢᠭᠤᠯᠵᠤ᠂ ᠦᠶᠡᠷ ᠢ ᠰᠡᠷᠭᠡᠶᠢᠯᠡᠬᠦ ᠭᠡᠮ ᠰᠣᠭᠤᠭ ᠢ ᠵᠢᠭᠰᠠᠭᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠠᠶᠤᠯ ᠲᠦᠭᠰᠢᠭᠦᠷᠢ ᠶᠢ ᠴᠠᠭ ᠲᠤᠬᠠᠢ ᠳᠤᠨᠢ ᠰᠢᠢᠳᠪᠦᠷᠢᠯᠡᠬᠦ ᠶᠢ ᠪᠠᠲᠤᠯᠠᠬᠤ ᠬᠡᠷᠡᠭᠲᠡᠢ᠃ ᠰᠤᠷᠭᠠᠭᠤᠯᠢ ᠶᠢᠨ ᠬᠦᠷᠢᠶᠡᠨ ᠤ ᠭᠠᠯ ᠤᠨᠲᠠᠷᠠᠭᠠᠬᠤ ᠠᠮᠤᠷ ᠲᠦᠪᠰᠢᠨ ᠬᠢᠭᠡᠳ ᠰᠤᠷᠭᠠᠭᠤᠯᠢ ᠶᠢᠨ ᠪᠠᠶᠢᠷᠢ ᠶᠢᠨ ᠠᠮᠤᠷ ᠲᠦᠪᠰᠢᠨ ᠢ ᠴᠡᠭᠴᠡᠯᠡᠨ ᠰᠠᠶᠢᠵᠢᠷᠠᠭᠤᠯᠬᠤ ᠠᠵᠢᠯ ᠤᠨ ᠬᠤᠭᠤᠴᠠᠭ᠎ᠠ ᠶᠢ ᠲᠦᠷᠭᠡᠳᠬᠡᠵᠦ᠂ ᠡᠯ᠎ᠡ ᠵᠦᠢᠯ ᠤᠨ ᠭᠤᠭᠴᠤᠭ᠎ᠠ ᠶᠢ ᠴᠢᠩᠭ᠎ᠠ ᠠᠩᠬᠠᠷᠴᠤ᠂ ᠥᠨᠳᠥᠷ ᠪᠦᠲᠦᠮᠵᠢᠲᠡᠢ᠂ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠡᠯ᠎ᠡ ᠰᠠᠯᠠᠭ᠎ᠠ ᠮᠥᠴᠢᠷ ᠵᠢᠴᠢ ᠰᠤᠷᠭᠠᠭᠤᠯᠢ ᠨᠤᠭᠤᠳ ᠤᠰᠤᠨ ᠳᠤ ᠵᠢᠪᠬᠦ ᠶᠢ ᠰᠡᠷᠭᠡᠶᠢᠯᠡᠬᠦ ᠤᠬᠠᠭᠤᠯᠭ᠎ᠠ ᠬᠢᠭᠡᠳ ᠬᠢᠨᠠᠯᠲᠠ ᠲᠠᠯᠪᠢᠬᠤ ᠠᠵᠢᠯ ᠢ ᠰᠠᠶᠢᠲᠤᠷ ᠬᠢᠵᠦ᠂ ᠠᠶᠤᠯ ᠲᠦᠭᠰᠢᠭᠦᠷᠢ ᠡᠭᠦᠰᠬᠦ ᠠᠴᠠ ᠵᠠᠶᠢᠯᠠᠰᠬᠢᠬᠦ ᠬᠡᠷᠡᠭᠲᠡᠢ᠃ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠢ ᠨᠢᠭᠡᠳᠦᠯᠲᠡᠶ ᠲᠥᠯᠥᠪᠵᠢᠭᠦᠯᠬᠦ ᠠᠵᠢᠯ ᠢ ᠴᠢᠩᠭᠠᠳᠬᠠᠵᠤ᠂ ᠲᠥᠷᠥᠯ ᠵᠦᠢᠯ ᠢ ᠣᠷᠣᠭᠤᠯᠤᠨ ᠠᠪᠴᠢᠷᠠᠬᠤ ᠶᠢ ᠵᠢᠷᠤᠮᠵᠢᠭᠤᠯᠤᠨ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠶᠢ ᠨᠢᠭᠡᠳᠦᠯᠲᠡᠶ ᠲᠥᠯᠥᠪᠯᠡᠨ ᠬᠠᠮᠢᠶᠠᠷᠬᠤ ᠲᠣᠭᠲᠠᠴᠠ ᠶᠢ ᠪᠠᠶᠢᠭᠤᠯᠵᠤ᠂ ᠠᠵᠤ ᠠᠬᠤᠶᠢᠯᠠᠯ ᠤᠨ ᠬᠠᠷᠢᠯᠴᠠᠭ᠎ᠠ ᠶᠢ ᠴᠢᠩᠭᠠᠳᠬᠠᠨ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ ᠠᠵᠢᠯ ᠢ ᠰᠠᠶᠢᠲᠤᠷ ᠬᠢᠬᠦ ᠬᠡᠷᠡᠭᠲᠡᠶ᠃ ᠡᠯ᠎ᠡ ᠬᠠᠷᠢᠭᠤᠴᠠᠯᠭᠠᠲᠤ ᠨᠢᠭᠡᠴᠡ ᠨᠦᠭᠦᠳ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠦᠯᠡᠳᠡᠭᠳᠡᠯ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠲᠦᠷᠭᠡᠳᠬᠡᠨ᠂ ᠱᠠᠯᠠᠪᠳᠠᠨ ᠠᠬᠢᠭᠤᠯᠵᠤ᠂ ᠱᠠᠭᠠᠷᠳᠠᠯᠭ᠎ᠠ ᠶᠣᠰᠣᠭᠠᠷ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠬᠦ ᠬᠡᠷᠡᠭᠲᠡᠶ᠃ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠬᠠᠮᠢᠶ᠎ᠠ ᠪᠦᠬᠦᠢ ᠴᠢᠳᠠᠪᠤᠷᠢᠲᠠᠨ ᠤ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠡᠯ᠎ᠡ ᠬᠦᠷᠢᠶᠡᠨ ᠤ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠪᠠᠴᠢᠮ ᠬᠡᠷᠡᠭᠴᠡᠭᠡ ᠲᠠᠢ ᠳᠤᠲᠠᠭᠳᠠᠵᠤ ᠪᠠᠶᠢᠭ᠎ᠠ ᠴᠢᠳᠠᠪᠤᠷᠢᠲᠠᠨ ᠢ ᠬᠥᠮᠦᠵᠢᠭᠦᠯᠬᠦ ᠪᠠ ᠣᠷᠣᠭᠤᠯᠤᠨ ᠠᠪᠴᠢᠷᠠᠬᠤ ᠬᠡᠷᠡᠭᠲᠡᠢ᠃ ᠴᠢᠨᠠᠷ ᠰᠠᠶᠢᠲᠠᠶ ᠬᠥᠭᠵᠢᠯᠲᠡ ᠶᠢᠨ ᠲᠤᠬᠠᠶ ᠶᠢᠨ ᠭᠠᠵᠠᠷ ᠤᠨ ᠬᠤᠷᠠᠯ ᠤᠨ ᠪᠡᠯᠡᠳᠬᠡᠯ ᠠᠵᠢᠯ ᠢ ᠱᠠᠯᠠᠪᠳᠠᠨ ᠠᠬᠢᠭᠤᠯᠵᠤ᠂ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠶ ᠥᠷᠨᠢᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃   ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠢᠶᠠ ᠶᠢᠨ ᠹᠧᠩ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠴᠧᠨ ᠰᠢ ᠯᠧ ᠵᠢᠴᠢ ᠬᠠᠮᠢᠶ᠎ᠠ ᠪᠥᠬᠦᠶ ᠬᠤᠰᠢᠭᠤᠨ ᠤ ᠤᠳᠤᠷᠢᠳᠤᠯᠭ᠎ᠠ᠂ ᠡᠯ᠎ᠡ ᠰᠢᠶᠠᠩ ᠪᠠᠯᠭᠠᠰᠤᠨ ᠤ ᠣᠷᠣᠨ ᠪᠦᠰᠡ ᠶᠢᠨ ᠦᠢᠯᠡᠴᠢᠯᠡᠭᠡᠨ ᠤ ᠲᠥᠪ᠂ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃ 
 
ᠢᠷᠡᠯᠲᠡ᠄ ᠲᠦᠮᠡᠳ ᠵᠡᠭᠦᠨ ᠬᠤᠰᠢᠭᠤᠨ ᠤ ᠬᠠᠮ ᠵᠠᠭᠤᠴᠢᠯᠠᠭᠤᠷ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号