ᠪᠠᠢ ᠮᠢᠶᠣᠣ ᠽᠢ ᠪᠠᠯᠭᠠᠰᠤ ᠬᠤᠸᠠᠷ ᠫᠤᠤᠵᠢᠩ ᠡᠵᠡᠩᠨᠡᠬᠦ ᠭᠠᠵᠠᠷ ᠤᠨ ᠠᠶᠤᠯᠭᠦᠢ ᠦᠢᠯᠡᠳᠪᠦᠷᠢᠯᠡᠯ ᠤᠨ ᠲᠤᠰᠬᠠᠢ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2024/7/8
    ᠪᠠᠯᠭᠠᠰᠤᠨ ᠤ ᠬᠡᠪᠴᠢᠶᠡᠨ ᠳᠣᠲᠣᠷᠠᠬᠢ ᠬᠤᠸᠠᠷ ᠫᠤᠤᠵᠢᠩ ᠤᠨ ᠬᠦᠷᠢᠶᠡᠨ ᠳᠠᠬᠢ ᠠᠶᠤᠯᠭᠦᠶ ᠦᠢᠯᠡᠳᠪᠦᠷᠢᠯᠡᠯ ᠤᠨ ᠠᠵᠢᠯ ᠢ ᠦᠨᠡᠨ ᠬᠦ ᠰᠠᠶᠢᠲᠤᠷ ᠬᠢᠬᠦ ᠶᠢᠨ ᠲᠥᠯᠥᠭᠡ᠂ ᠬᠤᠸᠠᠷ ᠫᠤᠤᠵᠢᠩ ᠡᠵᠡᠩᠨᠡᠬᠦ᠂ ᠬᠠᠳᠠᠭᠠᠯᠠᠬᠤ ᠵᠡᠷᠭᠡ ᠡᠯ᠎ᠡ ᠭᠤᠭᠴᠤᠭ᠎ᠠ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠡᠯ᠎ᠡ ᠲᠥᠷᠥᠯ ᠤᠨ ᠠᠮᠤᠷ ᠲᠦᠪᠰᠢᠨ ᠤ ᠠᠳᠡᠯ ᠭᠠᠷᠬᠤ ᠶᠢ ᠴᠢᠩᠭ᠎ᠠ ᠰᠡᠷᠭᠡᠶᠢᠯᠡᠵᠦ᠂ ᠬᠠᠷᠢᠶᠠᠲᠤ ᠣᠷᠣᠨ ᠤ ᠣᠯᠠᠨ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠪᠠᠲᠤᠯᠠᠪᠠ᠃ ᠪᠠᠶ ᠮᠢᠶᠣᠣ ᠽᠢ ᠪᠠᠯᠭᠠᠰᠤᠨ ᠤ ᠢᠦᠶ ᠶᠤᠸᠠᠢ ᠿᠧ᠂ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠵᠣᠣ ᠪᠥᠸᠧ᠂ ᠪᠠᠯᠭᠠᠰᠤᠨ ᠤ ᠨᠠᠮ ᠤᠨ ᠬᠤᠷᠢᠶᠠᠨ ᠤ ᠭᠡᠰᠢᠭᠦᠨ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠰᠦ ᠵᠠᠨ ᠵᠢᠶᠦ᠋ᠨ ᠵᠢᠴᠢ ᠨᠡᠶᠢᠭᠡᠮ ᠤᠨ ᠬᠡᠷᠡᠭ ᠶᠠᠪᠤᠳᠠᠯ ᠤᠨ ᠠᠯᠪᠠᠨ ᠬᠡᠷ ᠤᠨ ᠺᠠᠳ᠋ᠷ ᠪᠠᠯᠭᠠᠰᠤᠨ ᠤ ᠳᠣᠲᠣᠷᠠᠬᠢ ᠬᠤᠸᠠᠷ ᠫᠤᠤᠵᠢᠩ ᠤᠨ ᠵᠢᠵᠢᠭᠯᠡᠨ ᠬᠤᠳᠠᠯᠳᠤᠬᠤ ᠳᠡᠯᠭᠡᠭᠦᠷ ᠵᠢᠴᠢ ᠬᠥᠮᠥᠷᠭᠡ ᠳᠤ ᠠᠶᠤᠯᠭᠦᠶ ᠦᠢᠯᠡᠳᠪᠦᠷᠢᠯᠡᠯ ᠤᠨ ᠳᠠᠯᠳᠠ ᠬᠡᠮ ᠢ ᠵᠢᠭᠰᠠᠭᠠᠨ ᠪᠠᠶᠢᠴᠠᠭᠠᠪᠠ᠃    ᠲᠣᠰ ᠤᠳᠠᠭᠠᠨ ᠤ ᠪᠠᠶᠢᠴᠠᠭᠠᠯᠲᠠ ᠳᠤ᠂ ᠭᠤᠣᠯᠳᠠᠭᠤ ᠬᠤᠸᠠᠷ ᠫᠤᠤᠵᠢᠩ ᠡᠵᠡᠩᠨᠡᠬᠦ ᠨᠢᠭᠡᠴᠢ ᠶᠢᠨ ᠦᠨᠡᠮᠯᠡᠯ ᠢᠶᠠᠨ ᠠᠪᠴᠤ᠂ ᠦᠨᠡᠮᠯᠡᠯ ᠢᠶᠠᠨ ᠭᠠᠷᠭᠠᠨ ᠡᠵᠡᠩᠨᠡᠵᠦ ᠪᠠᠶᠢᠬᠤ ᠡᠰᠡᠬᠦ ᠶᠢᠨ ᠲᠣᠭᠤᠷᠢᠨ ᠳᠤ ᠬᠤᠸᠠᠷ ᠫᠤᠤᠵᠢᠩ ᠡᠵᠡᠩᠨᠡᠬᠦ ᠲᠠᠯᠠᠪᠤᠷ ᠲᠤ ᠭᠠᠯ ᠴᠠᠭᠠᠵᠠᠯᠠᠬᠤ ᠪᠠᠭᠠᠵᠢ ᠬᠡᠷᠡᠭᠰᠡᠯ ᠲᠣᠬᠢᠷᠠᠭᠤᠯᠤᠭᠰᠠᠨ ᠡᠰᠡᠬᠦ᠂ ᠬᠠᠷ᠎ᠠ ᠲᠠᠮᠠᠬᠢ ᠴᠠᠭᠠᠵᠠᠯᠠᠬᠤ ᠲᠡᠮᠳᠡᠭ ᠨᠠᠭᠠᠭᠰᠠᠨ ᠡᠰᠡᠬᠦ᠂ ᠬᠠᠳᠠᠭᠠᠯᠠᠬᠤ ᠲᠠᠯᠠᠪᠤᠷ ᠲᠤ ᠲᠣᠭᠲᠠᠭᠠᠯ ᠠᠴᠠ ᠵᠥᠷᠢᠴᠡᠭᠰᠡᠨ᠂ ᠬᠡᠮᠵᠢᠶ᠎ᠡ ᠠᠴᠠ ᠬᠡᠲᠦᠷᠡᠭᠦᠯᠦᠨ ᠬᠠᠳᠠᠭᠠᠯᠠᠭᠰᠠᠨ ᠡᠰᠡᠬᠦ᠃ ᠪᠠᠷᠠᠭ᠎ᠠ ᠣᠷᠣᠭᠤᠯᠤᠭᠰᠠᠨ ᠫᠢᠶᠣᠣ ᠪᠠᠷᠢᠮᠲᠠ ᠶᠢᠨ ᠲᠡᠮᠳᠡᠭᠯᠡᠯ ᠢ ᠪᠠᠶᠢᠴᠠᠭᠠᠵᠤ᠂ ᠭᠤᠷᠪᠠ ᠦᠭᠡᠢ ᠦᠢᠯᠡᠳᠬᠦᠨ ᠪᠣᠷᠣᠯᠠᠭᠤᠯᠤᠭᠰᠠᠨ ᠡᠵᠡᠩᠨᠡᠯᠲᠡ ᠶᠢᠨ ᠦᠢᠯᠡ ᠠᠵᠢᠯᠯᠠᠭ᠎ᠠ ᠣᠷᠣᠰᠢᠵᠤ ᠪᠠᠶᠢᠬᠤ ᠡᠰᠡᠬᠦ ᠶᠢ ᠪᠠᠶᠢᠴᠠᠭᠠᠪᠠ᠃ ᠪᠠᠶᠢᠴᠠᠭᠠᠯᠲᠠ ᠶᠢᠨ ᠳᠤᠮᠳᠠ ᠣᠯᠵᠤ ᠮᠡᠳᠡᠭᠰᠡᠨ ᠠᠰᠠᠭᠤᠳᠠᠯ ᠳᠤ ᠴᠢᠭᠯᠡᠭᠦᠯᠦᠨ᠂ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠵᠣᠣ ᠪᠥᠸᠧ ᠡᠵᠡᠩᠨᠡᠯᠲᠡ ᠶᠢᠨ ᠡᠷᠦᠬᠡ ᠶᠢ ᠳᠠᠷᠦ᠋ᠢᠬᠠᠨ ᠴᠡᠭᠴᠡᠯᠡᠨ ᠰᠠᠶᠢᠵᠢᠷᠠᠭᠤᠯᠬᠤ ᠬᠡᠷᠡᠭᠲᠡᠶ ᠭᠡᠵᠦ ᠱᠠᠭᠠᠷᠳᠠᠭᠰᠠᠨ ᠪᠥᠭᠡᠳ ᠬᠡᠮ ᠰᠣᠭᠤᠭ ᠢ ᠴᠡᠭᠴᠡᠯᠡᠨ ᠰᠠᠶᠢᠵᠢᠷᠠᠭᠤᠯᠵᠤ ᠪᠤᠴᠠᠵᠤ ᠦᠵᠡᠬᠦ ᠠᠵᠢᠯᠯᠠᠭ᠎ᠠ ᠥᠷᠨᠢᠭᠦᠯᠵᠦ᠂ ᠦᠷᠭᠦᠯᠵᠢᠯᠡᠨ ᠮᠥᠷᠳᠡᠨ ᠴᠡᠭᠴᠡᠯᠡᠨ ᠰᠠᠶᠢᠵᠢᠷᠠᠭᠤᠯᠵᠤ᠂ ᠠᠮᠤᠷ ᠲᠦᠪᠰᠢᠨ ᠤ ᠬᠡᠮ ᠰᠣᠭᠤᠭ ᠢ ᠲᠦᠢᠯᠪᠤᠷᠢᠲᠠᠶ ᠠᠷᠢᠯᠭᠠᠬᠤ ᠶᠢ ᠪᠠᠲᠤᠯᠠᠨ᠎ᠠ ᠭᠡᠵᠦ ᠢᠯᠡᠳᠬᠡᠪᠡ᠃    ᠲᠠᠷᠠᠭᠠᠴᠢ ᠶᠢᠨ ᠠᠯᠬᠤᠮ ᠳᠤ᠂ ᠪᠠᠶ ᠮᠢᠶᠣᠣ ᠽᠢ ᠪᠠᠯᠭᠠᠰᠤᠨ ᠤ ᠵᠠᠰᠠᠭ ᠤᠨ ᠣᠷᠳᠣᠨ ᠬᠤᠸᠠᠷ ᠫᠤᠤᠵᠢᠩ ᠡᠵᠡᠩᠨᠡᠬᠦ ᠲᠠᠯᠠᠪᠤᠷ ᠤᠨ ᠲᠤᠰᠬᠠᠶ ᠪᠠᠶᠢᠴᠠᠭᠠᠯᠲᠠ ᠶᠢᠨ ᠠᠵᠢᠯ ᠢ ᠦᠷᠭᠦᠯᠵᠢᠯᠡᠨ ᠥᠷᠨᠢᠭᠦᠯᠵᠦ᠂ ᠬᠤᠸᠠᠷ ᠫᠤᠤᠵᠢᠩ ᠤᠨ ᠲᠠᠯᠠᠪᠤᠷ ᠲᠤ ᠲᠣᠬᠢᠶᠠᠯᠳᠤᠯ ᠢᠶᠠᠷ ᠪᠠᠶᠢᠴᠠᠭᠠᠯᠲᠠ ᠬᠢᠵᠦ᠂ ᠬᠠᠤᠯᠢ ᠪᠤᠰᠤ ᠪᠠᠷ ᠡᠵᠡᠩᠨᠡᠬᠦ᠂ ᠲᠣᠭᠲᠠᠭᠠᠯ ᠠᠴᠠ ᠵᠥᠷᠢᠴᠡᠨ ᠡᠵᠡᠩᠨᠡᠬᠦ ᠳᠤ ᠴᠢᠩᠭ᠎ᠠ ᠴᠣᠬᠢᠯᠲᠠ ᠥᠭᠴᠦ᠂ ᠡᠯ᠎ᠡ ᠲᠥᠷᠥᠯ ᠤᠨ ᠠᠮᠤᠷ ᠲᠦᠪᠰᠢᠨ ᠤ ᠳᠠᠯᠳᠠ ᠬᠡᠮ ᠢ ᠦᠨᠡᠨ ᠬᠦ ᠠᠷᠢᠯᠭᠠᠨ᠎ᠠ᠃
 
ᠢᠷᠡᠯᠲᠡ᠄ ᠪᠠᠶ ᠮᠢᠶᠣᠣ ᠽᠢ ᠪᠠᠯᠭᠠᠰᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号