ᠲᠦᠮᠡᠳ ᠵᠡᠭᠦᠨ ᠬᠤᠰᠢᠭᠤᠨ ᠤ 40 ᠭᠠᠷᠤᠶ ᠵᠢᠵᠢᠭ ᠲᠣᠭᠤᠷᠢᠭ ᠤᠨ ᠢᠯᠴᠢ ᠬᠠᠩᠭᠠᠬᠤ ᠬᠤᠭᠤᠯᠠᠶ ᠶᠢᠨ ᠲᠣᠤᠷ ᠢ ᠥᠭᠡᠷᠡᠴᠢᠯᠡᠬᠦ ᠲᠥᠷᠥᠯ ᠵᠦᠢᠯ ᠢ 9 ᠰᠠᠷ᠎ᠠ ᠶᠢᠨ ᠰᠡᠭᠦᠯᠴᠢ ᠠᠴᠠ ᠡᠮᠦᠨ᠎ᠡ ᠳᠠᠭᠤᠰᠬᠠᠬᠤ ᠪᠠᠷ ᠲᠥᠯᠥᠪᠯᠡᠵᠦ ᠪᠠᠶᠢᠨ᠎ᠠ᠃
ᠨᠡᠶᠢᠲᠡᠯᠡᠭᠰᠡᠨ ᠴᠠᠭ᠄
2024/7/8
    ᠬᠠᠭᠤᠴᠢᠨ ᠰᠠᠭᠤᠭᠠᠯᠢ ᠲᠣᠭᠤᠷᠢᠭ ᠤᠨ ᠬᠤᠶᠠᠳᠠᠬᠢ ᠤᠳᠠᠭᠠᠨ ᠤ ᠬᠤᠭᠤᠯᠠᠶ ᠶᠢᠨ ᠲᠣᠤᠷ ᠤᠨ ︽ᠭᠦᠶᠦᠬᠦ᠂ ᠭᠤᠭᠤᠵᠢᠬᠤ᠂ ᠳᠤᠰᠤᠯᠠᠬᠤ᠂ ᠭᠤᠭᠤᠵᠢᠬᠤ︾ ᠠᠰᠠᠭᠤᠳᠠᠯ ᠢ ᠦᠨᠳᠦᠰᠦᠨ ᠠᠴᠠ ᠨᠢ ᠰᠢᠢᠳᠪᠦᠷᠢᠯᠡᠬᠦ ᠶᠢᠨ ᠲᠥᠯᠥᠭᠡ ᠂ ᠨᠠᠮᠤᠷ ᠡᠪᠦᠯ ᠤᠨ ᠢᠯᠴᠢ ᠬᠠᠩᠭᠠᠬᠤ ᠪᠠᠲᠤᠯᠠᠭ᠎ᠠ ᠶᠢᠨ ᠠᠵᠢᠯ ᠢ ᠤᠷᠢᠳᠴᠢᠯᠠᠨ ᠰᠠᠶᠢᠲᠤᠷ  ᠬᠢᠬᠦ ᠶᠢᠨ ᠲᠥᠯᠥᠬᠡ ᠂ ᠡᠨᠡ ᠵᠢᠯ ᠤᠨ 4 ᠰᠠᠷ᠎ᠠ ᠶᠢᠨ 16 ᠤ ᠡᠳᠦᠷ ᠠᠴᠠ ᠡᠬᠢᠯᠡᠨ᠂ ᠲᠦᠮᠡᠳ ᠵᠡᠭᠦᠨ ᠬᠤᠰᠢᠭᠤᠨ ᠤ ︽ᠬᠠᠯᠠᠭᠤᠨ ᠳᠤᠯᠠᠭᠠᠨ ᠢᠨᠵᠧᠨᠧᠷᠢᠩ︾ ᠤᠨ ᠥᠭᠡᠷᠡᠴᠢᠯᠡᠯᠲᠡ ᠶᠢᠨ ᠲᠥᠷᠥᠯ ᠵᠦᠢᠯ ᠪᠥᠬᠦ ᠲᠠᠯ᠎ᠠ ᠪᠠᠷ ᠡᠬᠢᠯᠡᠪᠡ᠃    ᠲᠣᠰ ᠤᠳᠠᠭᠠᠨ ᠤ ︽ᠬᠠᠯᠠᠭᠤᠨ ᠳᠤᠯᠠᠭᠠᠨ ᠢᠨᠵᠧᠨᠧᠷᠢᠩ︾ ᠤᠨ ᠥᠭᠡᠷᠡᠴᠢᠯᠡᠯᠲᠡ ᠶᠢᠨ ᠲᠥᠷᠥᠯ ᠵᠦᠢᠯ ᠨᠢ ᠴᠠᠭᠠᠰᠤᠴᠢ ᠪᠠᠯᠭᠠᠰᠤᠨ ᠤ 40 ᠵᠢᠵᠢᠭ ᠲᠣᠭᠤᠷᠢᠭ᠂ ᠵᠢᠨᠴᠦᠸᠠᠨ ᠣᠷᠣᠨ ᠪᠦᠰᠡ ᠶᠢᠨ 4 ᠵᠢᠵᠢᠭ ᠲᠣᠭᠤᠷᠢᠭ ᠲᠤ ᠬᠤᠯᠪᠣᠭᠳᠠᠵᠤ᠂ ᠶᠡᠷᠦᠩᠬᠡᠶ ᠪᠡᠯᠡ ᠣᠷᠣᠭᠤᠯᠤᠯᠲᠠ ᠨᠢ 6017.5 ᠲᠦᠮᠡᠨ ᠲᠥᠭᠦᠷᠢᠭ ᠪᠣᠯᠤᠨ᠎ᠠ᠃ ᠥᠭᠡᠷᠡᠴᠢᠯᠡᠬᠦ ᠠᠭᠤᠯᠭ᠎ᠠ ᠨᠢ ᠪᠠᠯᠭᠠᠰᠤᠨ ᠤ ᠳᠣᠲᠣᠷᠠᠬᠢ ᠢᠯᠴᠢ ᠬᠠᠩᠭᠠᠬᠤ ᠬᠤᠭᠤᠯᠠᠶ ᠶᠢᠨ ᠲᠣᠤᠷ ᠢ ᠥᠭᠡᠷᠡᠴᠢᠯᠡᠬᠦ ︵ᠭᠤᠣ ᠶᠢᠨ ᠣᠷᠳᠣ ᠨᠢ 32.4  ᠺᠢᠯᠤᠮᠧᠲᠷ ︶᠂ ᠢᠯᠴᠢ ᠰᠣᠯᠢᠯᠴᠠᠬᠤ ᠥᠷᠲᠡᠭᠡ ᠶᠢ 25 ᠥᠭᠡᠷᠡᠴᠢᠯᠡᠨ ᠪᠠᠶᠢᠭᠤᠯᠤᠨ᠎ᠠ᠃ ᠣᠳᠣᠬᠠᠨ ᠪᠣᠯᠲᠠᠯ᠎ᠠ᠂ ᠪᠠᠯᠭᠠᠰᠤᠨ ᠤ ᠳᠣᠲᠣᠷ᠎ᠠ ᠨᠢᠭᠡᠨᠲᠡ 8 ᠵᠢᠵᠢᠭ ᠲᠣᠭᠤᠷᠢᠭ᠂ ᠵᠢᠨᠴᠤᠸᠠᠨ ᠣᠷᠣᠨ ᠪᠦᠰᠡ ᠳᠤ 4 ᠵᠢᠵᠢᠭ ᠲᠣᠭᠤᠷᠢᠭ ᠢ ᠠᠵᠢᠯ ᠡᠬᠢᠯᠡᠭᠦᠯᠵᠦ᠂ ᠪᠠᠷᠢᠯᠭ᠎ᠠ ᠶᠢᠨ ᠬᠤᠭᠤᠴᠠᠭᠠᠨ ᠤ ᠲᠥᠯᠥᠪᠯᠡᠭᠡ ᠶᠣᠰᠣᠭᠠᠷ᠂ ᠵᠢᠱᠢᠯᠲᠡ ᠪᠠᠷ 9 ᠰᠠᠷ᠎ᠠ ᠶᠢᠨ 15 ᠤ ᠡᠳᠦᠷ ᠠᠴᠠ ᠡᠮᠦᠨ᠎ᠡ ᠪᠥᠬᠦ ᠲᠠᠯ᠎ᠠ ᠪᠠᠷ ᠪᠠᠷᠢᠯᠭ᠎ᠠ ᠳᠠᠭᠤᠰᠬᠠᠨ᠎ᠠ᠃    ᠲᠣᠰ ᠤᠳᠠᠭᠠᠨ ᠤ ᠥᠭᠡᠷᠡᠴᠢᠯᠡᠯᠲᠡ ᠪᠠᠷ ᠳᠡᠮᠵᠢᠨ᠂ ᠬᠠᠷᠢᠶᠠᠲᠤ ᠣᠷᠣᠨ ᠤ ᠳᠣᠲᠣᠷᠠᠬᠢ ᠬᠠᠭᠤᠴᠢᠨ ᠬᠤᠭᠤᠯᠠᠶ ᠶᠢᠨ ᠲᠣᠤᠷ ᠤᠨ ︿ᠭᠦᠶᠦᠬᠦ᠂ ᠭᠤᠭᠤᠵᠢᠬᠤ᠂ ᠳᠤᠰᠤᠯᠠᠬᠤ᠂ ᠭᠤᠭᠤᠵᠢᠬᠤ﹀ ᠵᠡᠷᠭᠡ ᠲᠡᠤᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠲᠦᠢᠯᠪᠤᠷᠢᠲᠠᠶ ᠰᠢᠢᠳᠪᠦᠷᠢᠯᠡᠵᠦ᠂ ᠢᠯᠴᠢ ᠬᠠᠩᠭᠠᠬᠤ ᠬᠤᠭᠤᠯᠠᠶ ᠶᠢᠨ ᠲᠣᠤᠷ ᠢ ᠲᠡᠩᠴᠡᠭᠦᠷᠢᠲᠡᠶ ᠪᠠᠶᠢᠯᠭᠠᠬᠤ ᠶᠢ ᠪᠡᠶᠡᠯᠡᠭᠦᠯᠦᠨ᠂ ᠢᠯᠴᠢ ᠬᠠᠩᠭᠠᠬᠤ ᠠᠮᠤᠷ ᠲᠦᠪᠰᠢᠨ ᠢ ᠪᠠᠲᠤᠯᠠᠵᠤ᠂ ᠬᠠᠷᠢᠶᠠᠲᠤ ᠣᠷᠣᠨ ᠤ ᠳᠣᠲᠣᠷᠠᠬᠢ ᠢᠯᠴᠢ ᠶᠢᠨ ᠲᠣᠤᠷ ᠤᠨ ᠥᠪᠡᠰᠦᠪᠡᠨ ᠡᠵᠡᠮᠳᠡᠬᠦ ᠪᠠᠷᠢᠮᠵᠢᠶᠠᠵᠢᠭᠤᠯᠤᠯᠲᠠ ᠪᠠ ᠲᠡᠷᠢᠭᠦᠨ ᠤ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠢᠯᠴᠢ ᠬᠠᠩᠭᠠᠬᠤ ᠶᠢᠨ ᠠᠵᠤ ᠠᠬᠤᠶ ᠶᠢᠨ ᠴᠢᠨᠠᠷ᠂ ᠠᠮᠤᠷ ᠲᠦᠪᠰᠢᠨ ᠴᠢᠨᠠᠷ ᠢ ᠳᠡᠭᠡᠭᠰᠢᠯᠡᠭᠦᠯᠦᠨ᠎ᠡ᠃
 
ᠢᠷᠡᠯᠲᠡ᠄ ᠲᠦᠮᠡᠳ ᠵᠡᠭᠦᠨ ᠬᠤᠰᠢᠭᠤᠨ ᠤ ᠬᠠᠮ ᠵᠠᠭᠤᠴᠢᠯᠠᠭᠤᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号