ᠲᠦᠮᠡᠳ ᠵᠡᠭᠦᠨ ᠬᠤᠰᠢᠭᠤᠨ ᠤ ᠵᠡᠮᠳᠡᠭᠴᠦᠳ ᠤᠨ ᠬᠤᠯᠪᠤᠭ᠎ᠠ ︽ᠠᠷᠠᠳ ᠤᠨ ᠵᠣᠪᠠᠨᠢᠯ ᠢ ᠰᠢᠢᠳᠪᠦᠷᠢᠯᠡᠵᠦ ᠵᠡᠮᠳᠡᠭᠴᠦᠳ ᠢ ᠲᠤᠰᠠᠯᠠᠬᠤ ᠦᠢᠯᠡᠴᠢᠯᠡᠭᠡ ᠪᠠᠷ ᠬᠥᠮᠦᠰ ᠤᠨ ᠰᠡᠳᠬᠢᠯ ᠢ ᠳᠤᠯᠠᠭᠠᠴᠠᠭᠤᠯᠬᠤ ︾ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/7/8
    ᠵᠡᠮᠳᠡᠭᠴᠦᠳ ᠤᠨ ᠡᠷᠬᠡ ᠠᠰᠢᠭ ᠢ ᠬᠠᠮᠤᠭ ᠤᠨ ᠶᠡᠭᠡ ᠬᠡᠮᠵᠢᠶ᠎ᠡ ᠪᠠᠷ ᠪᠠᠲᠤᠯᠠᠬᠤ ᠶᠢᠨ ᠲᠥᠯᠥᠭᠡ᠂ 7 ᠰᠠᠷ᠎ᠠ ᠶᠢᠨ 5 ᠤ ᠡᠳᠦᠷ᠂ ᠲᠦᠮᠡᠳ ᠵᠡᠭᠦᠨ ᠬᠤᠰᠢᠭᠤᠨ ᠤ ᠵᠡᠮᠳᠡᠭᠴᠦᠳ ᠤᠨ ᠬᠤᠯᠪᠣᠭ᠎ᠠ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠠᠢ ᠬᠠᠮᠲᠤᠷᠠᠨ ᠥᠪᠥᠷ ᠮᠣᠩᠭᠤᠯ ᠤᠨ ᠣᠶᠤᠨ ᠤ ᠡᠷᠡᠭᠦᠯ ᠬᠠᠮᠠᠭᠠᠯᠠᠯ ᠤᠨ ᠲᠥᠪ ᠤᠨ ᠲᠤᠰᠬᠠᠶ ᠮᠡᠷᠭᠡᠵᠢᠯᠲᠡᠨ ᠢ ᠲᠤᠰᠬᠠᠶᠢᠯᠠᠨ ᠤᠷᠢᠵᠤ ᠬᠤᠰᠢᠭᠤᠨ ᠤ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ ᠳᠤ ᠣᠴᠢᠭᠤᠯᠵᠤ ︽ᠠᠷᠠᠳ ᠤᠨ ᠵᠣᠪᠠᠨᠢᠯ ᠢ ᠰᠢᠢᠳᠪᠦᠷᠢᠯᠡᠵᠦ ᠵᠡᠮᠳᠡᠭᠴᠦᠳ ᠢ ᠲᠤᠰᠠᠯᠠᠬᠤ ᠦᠢᠯᠡᠴᠢᠯᠡᠭᠡ ᠪᠠᠷ ᠬᠥᠮᠦᠰ ᠤᠨ ᠰᠡᠳᠬᠢᠯ ᠢ ᠳᠤᠯᠠᠭᠠᠴᠠᠭᠤᠯᠬᠤ︾ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ᠃    ᠲᠣᠰ ᠤᠳᠠᠭ᠎ᠠ ᠨᠡᠶᠢᠲᠡ 12 ᠲᠤᠰᠬᠠᠶ ᠮᠡᠷᠭᠡᠵᠢᠯᠲᠡᠨ ᠣᠶᠤᠨ ᠰᠠᠨᠠᠭ᠎ᠠ ᠶᠢ ᠦᠨᠡᠯᠡᠨ ᠲᠣᠭᠲᠠᠭᠠᠬᠤ ᠦᠢᠯᠡᠴᠢᠯᠡᠬᠡᠨ ᠤ ᠠᠵᠢᠯ ᠳᠤ ᠣᠷᠣᠯᠴᠠᠵᠤ᠂ ᠨᠡᠶᠢᠲᠡ 110 ᠬᠥᠮᠦᠨ ᠢ ᠦᠨᠡᠯᠡᠨ ᠲᠣᠭᠲᠠᠭᠠᠪᠠ᠃ ᠲᠤᠰᠬᠠᠶ ᠮᠡᠷᠭᠡᠵᠢᠯᠲᠡᠨ ᠤ ᠳᠤᠭᠤᠶᠢᠯᠠᠩ ᠨᠢ ᠦᠨᠡᠯᠡᠨ ᠲᠣᠭᠲᠠᠭᠠᠬᠤ ᠪᠠᠷ ᠢᠷᠡᠭᠰᠡᠨ ᠣᠶᠤᠨ ᠰᠠᠨᠠᠭ᠎ᠠ᠂ ᠣᠶᠤᠨ ᠤ ᠵᠡᠮᠳᠡᠭᠴᠦᠳ ᠢ ᠨᠠᠷᠢᠨ ᠲᠣᠳᠣᠷᠬᠠᠶ ᠳᠡᠩᠰᠡᠯᠡᠵᠦ᠂ ᠨᠠᠷᠢᠨ ᠨᠢᠮᠪᠠᠶ ᠣᠨᠣᠰᠢᠯᠠᠵᠤ ᠬᠢᠨᠠᠨ ᠪᠠᠶᠢᠴᠠᠭᠠᠬᠤ ᠶᠢᠨ ᠬᠠᠮᠲᠤ ᠵᠡᠮᠳᠡᠭ ᠵᠡᠷᠭᠡ ᠳᠡᠰ ᠢ ᠨᠢᠭᠡᠳ ᠨᠢᠭᠡ ᠪᠠᠷ ᠪᠠᠶᠢᠴᠠᠭᠠᠨ ᠲᠣᠭᠲᠠᠭᠠᠵᠤ᠂ ᠲᠡᠳᠡᠨ ᠢ ᠬᠥᠲᠥᠯᠦᠨ ᠵᠢᠯᠣᠭᠤᠳᠴᠤ ᠪᠠᠶᠢᠭᠠᠳ ᠢᠲᠡᠭᠡᠯ ᠵᠣᠷᠢᠭ ᠢ ᠨᠢ ᠬᠥᠪᠴᠢᠯᠡᠨ᠂ ᠪᠡᠶ᠎ᠡ ᠪᠠᠨ ᠳᠠᠭᠠᠭᠠᠨ ᠬᠦᠴᠦᠷᠬᠡᠭᠵᠢᠵᠦ᠂ ᠨᠡᠶᠢᠭᠡᠮ ᠳᠤ ᠠᠴᠢ ᠬᠠᠷᠢᠭᠤᠯᠵᠤ᠂ ᠲᠤᠰᠬᠠᠶ ᠮᠡᠷᠭᠡᠵᠢᠯᠲᠡᠳ ᠪᠠᠰᠠ ᠬᠡᠷ ᠪᠦᠯᠢ ᠶᠢᠨ ᠬᠢᠨ ᠤ ᠰᠤᠪᠢᠯᠠᠯᠲᠠ᠂ ᠢᠳᠡᠭᠡᠨ ᠤᠮᠳᠠᠭᠠᠨ᠂ ᠠᠮᠤᠷ ᠲᠦᠪᠰᠢᠨ ᠵᠡᠷᠭᠡ ᠲᠠᠯ᠎ᠠ ᠪᠠᠷ ᠠᠩᠬᠠᠷᠬᠤ ᠴᠢᠬᠤᠯᠠᠲᠠᠢ ᠵᠦᠢᠯᠡᠰ ᠢ ᠨᠢᠭᠡᠳ ᠨᠢᠭᠡ ᠪᠠᠷ ᠮᠡᠳᠡᠭᠳᠡᠪᠡ᠃    ᠲᠣᠰ ᠤᠳᠠᠭ᠎ᠠ ᠮᠠᠨ ᠤ ᠬᠤᠰᠢᠭᠤᠨ ᠤ ᠵᠡᠮᠳᠡᠭᠴᠦᠳ ᠤᠨ ᠬᠤᠯᠪᠣᠭ᠎ᠠ ᠶᠢᠨ ᠬᠢᠨ ᠲᠤᠰᠬᠠᠶ ᠮᠡᠷᠭᠡᠵᠢᠯᠲᠡᠨ ᠤ ᠳᠤᠭᠤᠶᠢᠯᠠᠩ ᠢ ᠤᠷᠢᠵᠤ ᠲᠦᠮᠡᠳ ᠵᠡᠭᠦᠨ ᠬᠤᠰᠢᠭᠤᠨ ᠳᠤ ᠭᠦᠨᠵᠡᠭᠡᠶᠢᠷᠡᠭᠦᠯᠦᠨ᠂ ᠵᠡᠮᠳᠡᠭ ᠢ ᠦᠨᠡᠯᠡᠨ ᠲᠣᠭᠲᠠᠭᠠᠬᠤ ᠴᠣᠩᠬᠤ ᠶᠢ ᠠᠷᠠᠳ ᠣᠯᠠᠨ ᠤ ᠬᠡᠷ ᠤᠨ ᠡᠭᠦᠳᠡᠨ ᠳᠤ ᠰᠢᠯᠵᠢᠭᠦᠯᠵᠦ᠂ ᠵᠡᠮᠳᠡᠭᠴᠦᠳ ᠲᠤ ᠣᠶᠢᠷ᠎ᠠ ᠬᠠᠪᠢ ᠶᠢᠨ ᠦᠢᠯᠡᠴᠢᠯᠡᠭᠡ ᠬᠠᠩᠭᠠᠵᠤ᠂ ᠵᠡᠮᠳᠡᠭᠴᠦᠳ ᠤᠨ ᠡᠯ᠎ᠡ ᠵᠦᠢᠯ ᠤᠨ ᠵᠡᠮᠳᠡᠭᠴᠦᠳ ᠢ ᠬᠠᠷᠠᠭᠠᠯᠵᠠᠬᠤ ᠲᠥᠷᠥ ᠶᠢᠨ ᠪᠣᠳᠣᠯᠭ᠎ᠠ ᠶᠢ ᠴᠠᠭ ᠲᠤᠬᠠᠶ ᠳᠤᠨᠢ ᠬᠦᠷᠲᠡᠭᠡᠬᠦ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠲᠤᠯᠠᠪᠠ᠃ ᠳᠠᠷᠠᠭᠠᠴᠢ ᠶᠢᠨ ᠠᠯᠬᠤᠮ ᠳᠤ᠂ ᠪᠢᠳᠡ ᠵᠡᠮᠳᠡᠭᠴᠦᠳ ᠤᠨ ᠡᠷᠡᠭᠦᠯᠵᠢᠯ᠂ ᠰᠤᠷᠭᠠᠨ ᠬᠥᠮᠦᠵᠢᠯ᠂ ᠠᠵᠢᠯ ᠣᠯᠭᠤᠯᠲᠠ ᠵᠡᠷᠭᠡ ᠲᠦᠷᠦ ᠶᠢᠨ ᠪᠤᠳᠤᠯᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠵᠡᠮᠳᠡᠭᠴᠦᠳ ᠤᠨ ᠵᠣᠯ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃
 
ᠢᠷᠡᠯᠲᠡ᠄ ᠵᠡᠮᠳᠡᠭᠴᠦᠳ ᠤᠨ ᠬᠤᠯᠪᠣᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号