ᠲᠦᠮᠡᠳ ᠵᠡᠭᠦᠨ ᠬᠤᠰᠢᠭᠤ᠄ ︽ᠬᠤᠪᠢᠰᠬᠠᠯ ᠤᠨ ᠬᠥᠳᠡᠯᠭᠡᠭᠴᠢ ᠬᠦᠴᠦᠨ︾ ᠢ ︽ᠬᠥᠭᠵᠢᠯᠲᠡ ᠶᠢᠨ  ᠠᠬᠢᠭᠤᠯᠬᠤ ᠬᠦᠴᠦᠨ︾ ᠪᠣᠯᠭᠠᠨ ᠬᠤᠪᠢᠷᠠᠭᠤᠯᠤᠨ᠎ᠠ
ᠨᠡᠶᠢᠲᠡᠯᠡᠭᠰᠡᠨ ᠴᠠᠭ᠄
2024/7/8
    ᠲᠦᠮᠡᠳ ᠤᠨ ᠲᠠᠯ᠎ᠠ ᠪᠣᠯ ᠬᠤᠪᠢᠰᠬᠠᠯ ᠤᠨ ᠰᠢᠮᠡᠯᠢᠭ ᠣᠷᠤᠨ ᠮᠦᠨ᠃ ᠬᠤᠪᠢᠰᠬᠠᠯᠲᠤ ᠰᠣᠶᠣᠯ ᠪᠣᠯ ᠲᠦᠮᠡᠳ ᠤᠨ ᠠᠮᠢᠳᠤᠯᠢᠭ ᠤᠳᠤᠮᠰᠢᠯ ᠮᠥᠨ᠂ ᠲᠦᠮᠡᠳ ᠵᠡᠭᠦᠨ ᠬᠤᠰᠢᠭᠤᠨ ᠤ ᠬᠥᠮᠦᠰ ᠤᠨ ᠰᠡᠳᠬᠢᠯ ᠳᠤ ᠲᠡᠭᠦᠨ ᠤ ᠠᠪᠴᠢᠷᠠᠭᠰᠠᠨ ᠣᠮᠣᠭᠰᠢᠯ ᠨᠢ ᠵᠥᠪᠬᠡᠨ ᠣᠮᠣᠷᠬᠠᠭ ᠪᠠᠷᠳᠠᠮ ᠪᠢᠰᠢ᠂ ᠬᠠᠷᠢᠨ ᠬᠦᠨᠳᠦ ᠡᠭᠦᠷᠭᠡ ᠪᠠ ᠬᠠᠷᠢᠭᠤᠴᠠᠯᠭ᠎ᠠ ᠨᠢ ᠴᠢᠰᠤᠨ ᠰᠤᠳᠠᠯ ᠳᠤ ᠦᠶ᠎ᠡ ᠤᠯᠠᠷᠢᠨ ᠤᠯᠠᠮᠵᠢᠯᠠᠭᠳᠠᠵᠠᠢ᠃    ᠨᠠᠮ ᠪᠠᠶᠢᠭᠤᠯᠤᠭᠳᠠᠭᠰᠠᠨ 103 ᠵᠢᠯ ᠤᠨ ᠤᠢ ᠶᠢᠨ ᠲᠠᠰᠢᠷᠠᠮ ᠢᠶᠠᠷ᠂ ᠰᠤᠷᠪᠤᠯᠵᠢᠯᠠᠭᠴᠢ ᠲᠦᠮᠡᠳ ᠵᠡᠭᠦᠨ ᠬᠤᠰᠢᠭᠤᠨ ᠤ ᠲᠠᠪᠤᠨᠰᠠᠶᠢᠨ ᠰᠢᠶᠠᠩ ᠤᠨ ᠲᠠᠪᠤᠨᠰᠠᠶᠢᠨ ᠲᠣᠰᠬᠤᠨ ᠤ ᠤᠯᠠᠭᠠᠨᠬᠦᠦ ᠶᠢᠨ ᠬᠠᠭᠤᠴᠢᠨ ᠰᠠᠭᠤᠴᠠ ᠳᠤ ᠬᠦᠷᠴᠦ᠂  ᠬᠤᠪᠢᠰᠬᠠᠯ ᠤᠨ ᠤᠯᠠ ᠮᠥᠷ ᠢ ᠡᠷᠢᠯᠬᠢᠯᠡᠵᠦ᠂ ᠴᠢᠰᠤᠨ ᠰᠤᠳᠠᠰᠤ ᠪᠠᠷ ᠤᠷᠤᠰᠬᠤ ᠬᠤᠪᠢᠰᠬᠠᠯ ᠤᠨ ᠵᠣᠷᠢᠭ ᠰᠠᠨᠠᠭ᠎ᠠ ᠶᠢ ᠦᠷᠭᠦᠯᠵᠢᠯᠡᠭᠦᠯᠪᠡ᠃
C:\Users\bch\Desktop\10.10\7.08  旅游图1.jpg
    ︽ᠪᠢ ᠰᠠᠶᠢᠨ ᠳᠤᠷ᠎ᠠ ᠠᠴᠠ ᠪᠠᠨ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠣᠵᠤ᠂ ᠨᠠᠮ ᠤᠨ ᠬᠥᠲᠥᠯᠪᠦᠷᠢ ᠶᠢ ᠬᠦᠷᠢᠶᠡᠯᠡᠵᠦ᠂ ᠨᠠᠮ ᠤᠨ ᠲᠦᠷᠢᠮ ᠢ ᠵᠢᠷᠤᠮᠯᠠᠵᠤ᠂ ᠨᠠᠮ ᠤᠨ ᠭᠡᠰᠢᠭᠦᠨ ᠤ ᠡᠭᠦᠷᠭᠡ ᠶᠢ ᠭᠦᠢᠴᠡᠳᠬᠡᠨ᠎ᠡ ᠁︾    ᠢᠳᠡᠷᠡᠭᠦᠨ ᠳᠣᠷᠪᠢᠲᠠᠶ ᠨᠠᠮ ᠳᠤ ᠣᠷᠣᠬᠤ ᠲᠠᠩᠭᠠᠷᠢᠭ ᠤᠨ ᠦᠭᠡᠰ ᠨᠢ ᠬᠠᠭᠤᠴᠢᠨ ᠣᠷᠣᠨ ᠰᠠᠭᠤᠴᠠ ᠳᠠᠭᠠᠨ ᠡᠷᠭᠢᠴᠡᠵᠦ᠂ ᠨᠠᠮ ᠤᠨ ᠭᠡᠰᠢᠭᠦᠨ ᠨᠢᠭᠡᠪᠦᠷᠢ ᠣᠶᠤᠨ ᠰᠠᠨᠠᠭᠠᠨ ᠤ ᠳᠠᠪᠲᠠᠯᠲᠠ ᠶᠢ ᠳᠠᠬᠢᠨᠲᠠ ᠬᠦᠯᠢᠶᠡᠵᠦ᠂ ᠥᠪᠡᠷ ᠤᠨ ᠨᠠᠮᠴᠢ ᠴᠢᠨᠠᠷ ᠤᠨ ᠦᠵᠡᠯᠲᠡ ᠪᠠᠨ ᠴᠢᠩᠭᠠᠳᠬᠠᠵᠤ᠂ ᠦᠵᠡᠯ ᠰᠠᠨᠠᠭ᠎ᠠ ᠣᠪᠣᠷ ᠢᠶᠠᠨ ᠲᠥᠪ ᠪᠣᠯᠭᠠᠵᠤ᠂ ᠤᠭ ᠰᠠᠨᠠᠭ᠎ᠠ ᠪᠠᠨ ᠦᠯᠦ ᠮᠠᠷᠲᠠᠨ᠎ᠠ᠃
C:\Users\bch\Desktop\10.10\7.08  旅游图2.jpg   
 ᠤᠯᠠᠭᠠᠨᠬᠦᠦ ᠶᠢᠨ ᠬᠠᠭᠤᠴᠢᠨ ᠰᠠᠭᠤᠴᠠ ᠳᠤ ᠨᠡᠶᠢᠲᠡ 40 ᠲᠡᠦᠬᠡ ᠶᠢᠨ ᠳᠤᠷᠠᠰᠬᠠᠯᠲᠤ ᠵᠦᠢᠯᠡᠰ᠂ 92 ᠰᠡᠭᠦᠳᠡᠷ ᠵᠢᠷᠤᠭ᠂ 28 ᠲᠤᠯᠭᠤᠷ ᠪᠢᠴᠢᠭ ᠪᠠ ᠲᠦᠮᠡᠳ ᠤᠨ ᠠᠷᠠᠳ ᠤᠨ ᠵᠠᠩ ᠦᠢᠯᠡ ᠶᠢᠨ ᠬᠡᠷᠡᠭᠰᠡᠯ 35 ᠵᠦᠢᠯ ᠵᠢᠴᠢ ᠵᠢᠷᠤᠭ ᠬᠦᠰᠦᠨᠦᠭᠲᠦ᠂ ᠵᠢᠷᠤᠭ᠂ ᠬᠤᠪᠣᠷ ᠨᠠᠨᠳᠢᠨ ᠭᠡᠷᠡᠯ ᠵᠢᠷᠤᠭ ᠵᠡᠷᠭᠡ ᠮᠠᠲ᠋ᠧᠷᠢᠶᠠᠯ ᠢ ᠳᠡᠯᠭᠡᠨ ᠦᠵᠡᠭᠦᠯᠵᠦ᠂ ᠳᠠᠭᠤᠤ᠂ ᠭᠡᠷᠡᠯ᠂ ᠴᠠᠬᠢᠯᠭᠠᠨ ᠵᠡᠷᠭᠡ ᠢᠯᠡᠷᠡᠭᠦᠯᠬᠦ ᠬᠡᠯᠪᠡᠷᠢ ᠲᠠᠢ ᠤᠶᠠᠯᠳᠤᠭᠤᠯᠤᠨ᠂ ᠤᠯᠠᠭᠠᠨᠬᠦᠦ ᠨᠥᠬᠦᠷ ᠤᠨ ᠪᠠᠭ᠎ᠠ ᠨᠠᠰᠤᠨ ᠤ ᠠᠮᠢᠳᠤᠷᠠᠯ ᠪᠠ ᠨᠤᠲᠤᠭ ᠤᠰᠤ ᠪᠠᠷ ᠢᠶᠠᠨ ᠭᠤᠣᠯ ᠪᠣᠯᠭᠠᠭᠰᠠᠨ ᠨᠢᠭᠤᠴᠠ ᠲᠡᠮᠡᠴᠡᠯ ᠤᠨ ᠦᠢᠯᠡ ᠠᠵᠢᠯᠯᠠᠭ᠎ᠠ ᠶᠢ ᠨᠠᠷᠢᠨ ᠬᠢᠨᠠᠮᠠᠭᠠᠢ᠂ ᠠᠮᠢᠳᠤᠯᠢᠭ ᠳᠡᠯᠭᠡᠨ ᠦᠵᠡᠭᠦᠯᠵᠡᠢ᠃ ᠵᠢᠭᠤᠯᠴᠢᠯᠠᠭᠴᠢᠳ ᠲᠣᠭᠤᠷᠢᠨ ᠦᠵᠡᠬᠦ ᠶᠢᠨ ᠬᠠᠮᠲᠤ ᠤᠯᠠᠭᠠᠨᠬᠦᠦ ᠨᠥᠬᠦᠷ ᠤᠨ ᠬᠤᠪᠢᠰᠬᠠᠯ ᠤᠨ ᠥᠩᠭᠡᠷᠡᠯᠲᠡ ᠶᠢ ᠣᠶᠢᠯᠠᠭᠠᠵᠤ ᠴᠢᠳᠠᠬᠤ ᠪᠠᠷ ᠪᠠᠷᠠᠬᠤ ᠦᠭᠡᠶ᠂ ᠳᠡᠭᠡᠷ᠎ᠡ ᠵᠠᠭᠤᠨ ᠤ ᠡᠬᠢᠨ ᠤ ᠲᠦᠮᠡᠳ ᠤᠨ ᠭᠠᠵᠠᠷ ᠣᠷᠣᠨ ᠤ ᠠᠷᠠᠳ ᠤᠨ ᠵᠠᠩ ᠠᠭᠠᠯᠢ ᠶᠢ ᠪᠠᠰᠠ ᠣᠶᠢᠯᠠᠭᠠᠵᠤ ᠪᠣᠯᠤᠨ᠎ᠠ᠃
C:\Users\bch\Desktop\10.10\7.08  旅游图3.jpg   
 ᠣᠶᠢᠷ᠎ᠠ ᠶᠢᠨ ᠵᠢᠯ ᠳᠤ᠂ ᠲᠦᠮᠡᠳ ᠵᠡᠭᠦᠨ ᠬᠤᠰᠢᠭᠤ ᠡᠬᠢ ᠪᠠᠶᠠᠯᠢᠭ ᠤᠨ ᠣᠷᠣᠨ ᠪᠠᠶᠢᠷᠢ ᠶᠢᠨ ᠳᠠᠪᠠᠭᠤᠯᠢᠭ ᠲᠠᠭᠠᠨ ᠲᠦᠰᠢᠭᠯᠡᠨ᠂ ︽ᠬᠤᠪᠢᠰᠬᠠᠯ ᠤᠨ ᠬᠥᠳᠡᠯᠭᠡᠬᠦ ᠡᠨᠧᠷᠭᠢ︾ ᠶᠢ ᠲᠠᠰᠤᠷᠠᠯᠲᠠ ᠥᠬᠡᠶ ︽ᠬᠥᠭᠵᠢᠯᠲᠡ ᠶᠢᠨ ᠠᠬᠢᠭᠤᠯᠬᠤ ᠬᠦᠴᠦᠨ︾ ᠪᠣᠯᠭᠠᠨ ᠬᠤᠪᠢᠷᠠᠭᠤᠯᠵᠤ᠂ ᠬᠤᠪᠢᠰᠬᠠᠯ ᠤᠨ ᠦᠵᠡᠰᠬᠦᠯᠡᠩᠲᠦ ᠰᠠᠶᠢᠬᠠᠨ ᠠᠶᠢᠯ ᠲᠣᠰᠬᠤᠨ ᠤ ᠰᠣᠶᠣᠯ ᠤᠨ ᠳᠠᠪᠠᠭᠤᠯᠢᠭ ᠲᠠᠢ ᠤᠶᠠᠯᠳᠤᠭᠤᠯᠤᠨ᠂ ︽ᠬᠤᠪᠢᠰᠬᠠᠯ ᠤᠨ ᠵᠢᠭᠤᠯᠴᠢᠯᠠᠯ ᠤᠨ ᠵᠠᠮ ᠱᠤᠭᠤᠮ︾ ᠢ ᠨᠡᠭᠡᠭᠡᠨ ᠬᠥᠭᠵᠢᠭᠦᠯᠵᠦ᠂ ᠬᠤᠪᠢᠰᠬᠠᠯ ᠤᠨ ᠬᠥᠮᠦᠵᠢᠯ ᠤᠨ ᠰᠠᠭᠤᠷᠢᠨ ᠭᠠᠵᠠᠷ ᠢ ᠪᠥᠲᠥᠭᠡᠨ ᠪᠠᠶᠢᠭᠤᠯᠬᠤ ᠶᠢᠨ ᠬᠠᠮᠲᠤ ᠵᠠᠭᠤᠨ ᠵᠢᠯ ᠤᠨ ᠲᠡᠤᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠲᠠᠢ ᠤᠶᠠᠯᠳᠤᠭᠤᠯᠬᠤ ᠶᠢ ᠪᠠᠷᠢᠮᠲᠠᠯᠠᠵᠤ᠂ ᠲᠤᠬᠠᠶ ᠶᠢᠨ ᠭᠠᠵᠠᠷ ᠤᠨ ᠵᠢᠭᠤᠯᠴᠢᠯᠠᠯ ᠤᠨ ᠡᠬᠢ ᠪᠠᠶᠠᠯᠢᠭ ᠤᠨ ᠳᠠᠪᠠᠭᠤᠯᠢᠭ ᠢ ᠡᠮᠬᠢᠯᠡᠨ ᠨᠡᠶᠢᠯᠡᠭᠦᠯᠵᠦ᠂ ᠬᠤᠪᠢᠰᠬᠠᠯ ᠤᠨ ᠵᠢᠭᠤᠯᠴᠢᠯᠠᠯ᠂ ᠲᠣᠭᠤᠷᠢᠨ ᠵᠤᠭᠠᠴᠠᠬᠤ᠂  ᠤᠨᠴᠠᠯᠢᠬᠳᠤ ᠵᠢᠭᠤᠯᠴᠢᠯᠠᠯ ᠢᠶᠠᠷ ᠬᠤᠯᠠ ᠣᠶᠢᠷ᠎ᠠ ᠶᠢᠨ ᠵᠤᠭᠠᠴᠠᠭᠰᠠᠳ ᠢ ᠲᠡᠳᠡᠨ ᠠᠪᠴᠢᠷᠠᠵᠤ᠂ ᠬᠥᠳᠡᠭᠡ ᠲᠣᠰᠬᠤᠨ ᠤ ᠵᠢᠭᠤᠯᠴᠢᠯᠠᠯ ᠤᠨ ᠠᠵᠤ ᠠᠬᠤᠶ ᠶᠢᠨ ᠰᠢᠨ᠎ᠡ ᠨᠡᠮᠡᠭᠳᠡᠯ ᠤᠨ ᠴᠡᠭ ᠢ ᠪᠣᠶ ᠪᠣᠯᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠲᠠᠰᠤᠷᠠᠯᠲᠠ ᠥᠬᠡᠶ ᠰᠢᠨ᠎ᠡ ᠳᠡᠭᠲᠡᠷ ᠲᠤ ᠭᠠᠷᠬᠤ ᠶᠢ ᠠᠬᠢᠭᠤᠯᠪᠠ᠃    ᠥᠨᠥᠳᠦᠷ ᠤᠨ ᠲᠠᠪᠤᠨᠰᠠᠶᠢᠨ ᠲᠣᠰᠬᠤᠨ ᠵᠠᠭᠤᠨ ᠵᠢᠯ ᠤᠨ ᠠᠶᠢᠯ ᠲᠣᠰᠬᠤᠨ ᠢ ᠰᠣᠨᠢᠷᠬᠠᠵᠤ᠂ ᠨᠤᠲᠤᠭ ᠤᠨ ᠮᠥᠷᠥᠭᠡᠳᠦᠯ ᠢ ᠠᠮᠰᠠᠵᠤ᠂ ᠬᠤᠪᠢᠰᠬᠠᠯ ᠤᠨ ᠰᠤᠷᠭᠠᠭᠤᠯᠢ ᠳᠤ ᠣᠷᠣᠵᠤ ᠪᠣᠯᠬᠤ ᠨᠢ ᠶᠠᠭ ᠠᠮᠢ ᠠᠬᠤᠢ ᠣᠷᠣᠰᠢᠨ ᠰᠠᠭᠤᠬᠤ ᠳᠤ ᠲᠣᠬᠢᠷᠠᠮᠵᠢᠲᠠᠢ᠂ ᠠᠵᠤ ᠦᠢᠯᠡᠰ ᠬᠥᠭᠵᠢᠨ ᠮᠠᠨᠳᠤᠭᠰᠠᠨ᠂ ᠤᠯᠠᠨ ᠲᠦᠮᠡᠨ ᠪᠠᠶᠠᠨ ᠴᠢᠨᠡᠭᠡᠯᠢᠭ ᠬᠤᠪᠢᠰᠬᠠᠯᠲᠤ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠬᠠᠷᠠᠯᠲᠠ ᠲᠡᠰᠢ ᠠᠯᠬᠤᠮ ᠠᠯᠬᠤᠮ ᠢᠶᠠᠷ ᠤᠷᠤᠭᠰᠢᠯᠠᠵᠤ ᠪᠠᠶᠢᠨ᠎ᠠ᠃
C:\Users\bch\Desktop\10.10\7.08  旅游图4.jpg
 
ᠢᠷᠡᠯᠲᠡ᠄ ᠲᠦᠮᠡᠳ ᠵᠡᠬᠦᠨ ᠬᠤᠰᠢᠭᠤᠨ ᠤ ᠬᠠᠮ ᠵᠠᠭᠤᠴᠢᠯᠠᠭᠤᠷ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号