ᠬᠤᠶᠢᠲᠤ ᠰᠢᠷ᠎ᠠ ᠵᠤᠤ ᠰᠢᠶᠠᠩ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠲᠠᠢ ᠬᠠᠮᠲᠤᠷᠠᠨ ︽ᠭᠤᠷᠪᠠ ᠶᠢ ᠬᠥᠳᠡᠭᠡ ᠪᠠᠭᠤᠯᠭᠠᠬᠤ︾ ᠨᠡᠶᠢᠭᠡᠮ ᠤᠨ ᠦᠢᠯᠡᠳᠦᠯᠭᠡ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/7/9
   7 ᠰᠠᠷ᠎ᠠ ᠶᠢᠨ 5 ᠤ ᠡᠳᠦᠷ᠂ ᠬᠤᠶᠢᠲᠤ ᠰᠢᠷ᠎ᠠ ᠵᠤᠤ ᠰᠢᠶᠠᠩ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠠᠵᠤ ᠠᠬᠤᠶ ᠶᠢᠨ ᠬᠠᠮᠢᠶᠠᠷᠤᠯᠲᠠ ᠶᠢᠨ ᠳᠡᠭᠡᠳᠦ ᠰᠤᠷᠭᠠᠭᠤᠯᠢ ᠶᠢᠨ ᠪᠠᠭᠰᠢ ᠰᠤᠷᠤᠭᠴᠢᠳ  ᠲᠠᠢ ᠬᠠᠮᠲᠤ ︽ᠭᠤᠷᠪᠠ ᠶᠢ ᠬᠥᠳᠡᠭᠡ ᠪᠠᠭᠤᠯᠭᠠᠬᠤ︾ ᠨᠡᠶᠢᠭᠡᠮ ᠤᠨ ᠦᠢᠯᠡᠳᠦᠯᠭᠡ ᠶᠢᠨ ᠠᠵᠢᠯᠯᠠᠭ᠎ᠠ ᠥᠷᠨᠢᠭᠦᠯᠪᠡ᠃ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠦᠢᠯᠡᠳᠦᠯᠭᠡ ᠶᠢᠨ ᠪᠦᠯᠬᠦᠮ ᠤᠨ ᠡᠯ᠎ᠡ ᠪᠠᠭᠰᠢ ᠰᠤᠷᠤᠭᠴᠢᠳ ᠤᠨ ᠬᠦᠷᠴᠦ ᠢᠷᠡᠭᠰᠡᠨ ᠢ ᠪᠠᠶᠠᠷᠯᠠᠨ ᠤᠭᠲᠤᠬᠤ ᠶᠢᠨ ᠲᠥᠯᠥᠭᠡ᠂ ᠰᠢᠶᠠᠩ ᠤᠨ ᠨᠠᠮ ᠤᠨ ᠬᠤᠷᠢᠶᠠᠨ ᠤ ᠳᠡᠳ᠋ ᠱᠦᠵᠢ ᠵᠠᠩ ᠯᠢ ᠵᠢᠶᠦ᠋ᠨ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠠᠵᠤ ᠠᠬᠤᠢ ᠶᠢᠨ ᠬᠠᠮᠢᠶᠠᠷᠤᠯᠲᠠ ᠶᠢᠨ ᠳᠡᠭᠡᠳᠦ ᠰᠤᠷᠭᠠᠭᠤᠯᠢ ᠶᠢᠨ ᠡᠪᠯᠡᠯ ᠤᠨ ᠬᠤᠷᠢᠶᠠᠨ ᠤ ᠱᠦᠵᠢ ᠵᠢᠶᠠ ᠭᠦᠸᠧ ᠬᠤᠢ᠂ ᠬᠠᠮᠢᠶᠠᠷᠴᠤ ᠪᠣᠯᠪᠠᠰᠤᠷᠠᠭᠤᠯᠬᠤ ᠪᠠ ᠤᠯᠠᠨ ᠨᠡᠶᠢᠲᠡ ᠶᠢᠨ ᠰᠠᠯᠪᠤᠷᠢ ᠶᠢᠨ ᠰᠤᠷᠤᠭᠴᠢᠳ ᠤᠨ ᠬᠠᠮᠲᠤᠷᠠᠭᠰᠠᠨ ᠨᠠᠮ ᠤᠨ ᠡᠭᠦᠷ ᠤᠨ ᠱᠦᠵᠢ ᠦ᠋ ᠬᠤᠩ ᠢᠦᠢ ᠵᠡᠷᠭᠡ ᠠᠷᠪᠠ ᠭᠠᠷᠤᠢ ᠬᠥᠮᠦᠨ ᠰᠢᠶᠠᠩ ᠤᠨ ᠵᠠᠰᠠᠭ ᠤᠨ ᠣᠷᠳᠣᠨ ᠤ ᠬᠤᠷᠠᠯ ᠤᠨ ᠭᠡᠷ ᠲᠤ ᠠᠭᠤᠯᠵᠠᠯᠲᠠ ᠶᠢᠨ ᠬᠤᠷᠠᠯ ᠡᠷᠬᠢᠯᠡᠵᠦ᠂ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠦᠭᠰᠡᠨ ᠵᠣᠷᠢᠯᠭ᠎ᠠ᠂ ᠠᠴᠢ ᠬᠤᠯᠪᠣᠭᠳᠠᠯ ᠵᠢᠴᠢ ᠠᠵᠢᠯᠯᠠᠭ᠎ᠠ ᠶᠢᠨ ᠲᠤᠬᠢᠷᠠᠭᠤᠯᠤᠯᠳᠠ ᠶᠢᠨ ᠲᠣᠭᠤᠷᠢᠨ ᠳᠤ ᠰᠠᠨᠠᠯ ᠢᠶᠠᠨ ᠰᠣᠯᠢᠯᠴᠠᠨ ᠶᠠᠷᠢᠯᠴᠠᠪᠠ᠃    ᠵᠢᠶᠠ ᠭᠦᠸᠧ ᠾᠦᠢ ᠱᠦᠵᠢ ᠨᠡᠷ ᠤᠷᠢᠳ ᠬᠤᠵᠢᠳ ᠠᠯᠲᠠᠨ ᠭᠦᠵᠡᠯᠵᠡᠭᠡᠨ᠎ᠡ ᠶᠢᠨ ᠬᠦᠷᠢᠶᠡᠯᠡᠩ ᠪᠣᠯᠤᠨ ᠮᠧᠩ ᠼᠤᠤ ᠼᠤᠤ ᠲᠠᠷᠢᠮᠠᠯ ᠤᠨ ᠺᠣᠮᠫᠠᠨᠢ ᠳᠤ ᠬᠦᠷᠴᠦ᠂ ᠬᠠᠷᠢᠭᠤᠴᠠᠯᠭᠠᠲᠠᠨ ᠤ ᠲᠠᠶᠢᠯᠪᠤᠷᠢᠯᠠᠯᠲᠠ ᠶᠢ ᠰᠣᠨᠣᠰᠬᠤ ᠪᠠᠷ ᠳᠠᠮᠵᠢᠨ᠂ ᠤᠯᠠᠨ ᠢᠶᠠᠷ ᠢᠶᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤᠮᠳᠠ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠡᠨᠡᠬᠦ ᠲᠠᠯ᠎ᠠ ᠪᠠᠷ ᠦᠨᠡᠨ ᠪᠣᠳᠠᠲᠠᠢ ᠣᠶᠢᠯᠠᠭᠠᠯᠲᠠ ᠪᠠ ᠲᠦᠷᠦᠭᠳᠡᠯ ᠲᠠᠢ ᠪᠣᠯᠵᠠᠢ᠃ ᠳᠠᠷᠠᠭ᠎ᠠ ᠨᠢ ᠭᠤᠷᠪᠠᠨ ᠰᠠᠷ᠎ᠠ ᠶᠢᠨ ᠬᠤᠶᠠᠷ ᠤᠨ ᠬᠡᠤᠬᠡᠳ ᠤᠨ ᠴᠡᠴᠡᠷᠯᠢᠭ ᠤᠨ ᠬᠡᠤᠬᠡᠳ ᠲᠤ ᠨᠡᠶᠢᠲᠡᠯᠢᠭ ᠬᠡᠯᠡ ᠶᠢᠨ ᠴᠢᠬᠤᠯᠠ ᠴᠢᠨᠠᠷ ᠢ ᠲᠠᠶᠢᠯᠪᠤᠷᠢᠯᠠᠨ ᠶᠠᠷᠢᠵᠤ᠂ ᠰᠤᠷᠤᠭᠴᠢᠳ ᠢ ᠢᠳᠡᠪᠬᠢᠲᠡᠶ ᠪᠠᠷ ᠬᠥᠲᠥᠯᠥᠨ ᠵᠢᠯᠣᠭᠤᠳᠴᠤ ᠪᠠᠶᠢᠭᠠᠳ ᠰᠢᠨᠵᠢᠯᠡᠬᠦ ᠤᠬᠠᠭᠠᠨᠴᠢ ᠬᠡᠯᠡᠨ ᠤ ᠦᠵᠡᠯᠲᠡ ᠶᠢ ᠪᠣᠶ ᠪᠣᠯᠭᠠᠵᠤ᠂ ᠬᠡᠤᠬᠡᠳ ᠤᠳ ᠤᠨ ᠬᠠᠷᠠᠬᠠᠨ ᠪᠠᠭ᠎ᠠ ᠠᠴᠠ ᠪᠠᠨ ᠨᠡᠶᠢᠲᠡᠯᠢᠭ ᠬᠡᠯᠡ ᠶᠢ ᠡᠷᠬᠢᠮᠯᠡᠬᠦ ᠰᠠᠶᠢᠨ ᠳᠠᠳᠬᠠᠯ ᠢ ᠪᠣᠶ ᠪᠣᠯᠭᠠᠬᠤ ᠵᠢᠴᠢ ᠠᠯᠤᠰ ᠬᠡᠲᠦ ᠶᠢᠨ ᠬᠦᠰᠡᠯᠡᠩ ᠲᠠᠢ ᠪᠣᠯᠭᠠᠵᠤ᠂ ᠨᠡᠶᠢᠭᠡᠮ ᠳᠡᠭᠡᠷᠡᠬᠢ ᠥᠨᠳᠥᠷ ᠬᠡᠪ ᠪᠣᠯᠪᠠᠰᠤᠷᠠᠯ ᠲᠠᠢ ᠴᠢᠳᠠᠪᠤᠷᠢᠲᠠᠨ ᠪᠣᠯᠬᠤ ᠳᠤ ᠰᠠᠭᠤᠷᠢ ᠲᠠᠯᠪᠢᠵᠤ ᠥᠭᠬᠦ ᠪᠠᠷ ᠴᠢᠷᠮᠠᠶᠢᠨ᠎ᠠ᠃    ᠬᠤᠶᠢᠰᠢᠳᠠ᠂ ᠬᠤᠶᠢᠲᠤ ᠰᠢᠷ᠎ᠠ ᠵᠤᠤ ᠰᠢᠶᠠᠩ  ᠪᠠᠰᠠ ︽  ᠪᠦᠬᠦ ᠲᠠᠯ᠎ᠠ ᠳᠤ ᠦᠢᠯᠡᠴᠢᠯᠡᠬᠦ᠂ ᠬᠥᠳᠡᠭᠡ ᠲᠣᠰᠬᠤᠨ ᠳᠤ ᠦᠢᠯᠡᠴᠢᠯᠡᠬᠦ᠂ ᠵᠠᠯᠠᠭᠤᠴᠤᠳ ᠲᠤ ᠦᠢᠯᠡᠴᠢᠯᠡᠬᠦ︾ ᠵᠠᠷᠴᠢᠮ ᠢ ᠪᠠᠷᠢᠮᠲᠠᠯᠠᠵᠤ᠂ ᠡᠪ ᠬᠠᠮᠲᠤ ᠵᠠᠯᠠᠭᠤᠴᠤᠳ ᠤᠨ ᠡᠪᠯᠡᠯ ᠤᠨ ᠠᠵᠢᠯ ᠢ ᠪᠥᠬᠦ ᠲᠠᠯ᠎ᠠ ᠪᠠᠷ ᠭᠦᠨᠵᠡᠭᠡᠶᠢᠷᠡᠭᠦᠯᠵᠦ᠂ ᠡᠪᠯᠡᠯ ᠤᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ ᠡᠪ ᠬᠠᠮᠲᠤ ᠵᠠᠯᠠᠭᠤᠴᠤᠳ ᠤᠨ ᠡᠪᠯᠡᠯ ᠤᠨ ᠬᠠᠪᠰᠤᠷᠤᠭᠴᠢ ᠪᠣᠯᠤᠨ ᠪᠡᠯᠡᠳᠬᠡᠯ ᠴᠡᠷᠢᠭ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠥᠷᠭᠡᠨ ᠣᠯᠠᠨ ᠡᠪᠯᠡᠯ ᠤᠨ ᠭᠡᠰᠢᠭᠦᠨ ᠵᠠᠯᠠᠭᠤᠴᠤᠳ ᠢ ᠪᠦᠯᠬᠦᠮᠳᠡᠭᠦᠯᠦᠨ ᠵᠣᠷᠢᠭᠵᠢᠭᠤᠯᠵᠤ᠂ ᠳᠠᠭᠠᠭᠤᠯᠤᠨ ᠰᠢᠶᠠᠩ ᠤᠨ ᠨᠠᠮ ᠤᠨ ᠬᠤᠷᠢᠶᠠᠨ ᠤ ᠭᠤᠤᠯ ᠡᠭᠦᠷᠭᠡ ᠶᠢᠨ ᠲᠣᠭᠤᠷᠢᠨ ᠳᠤ ᠠᠵᠢᠯ ᠢᠶᠠᠨ ᠥᠷᠨᠢᠭᠦᠯᠦᠨ᠎ᠡ᠃
 
ᠢᠷᠡᠯᠲᠡ᠄ ᠬᠤᠶᠢᠲᠤ ᠰᠢᠷ᠎ᠠ ᠵᠤᠤ ᠰᠢᠶᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号