ᠲᠠᠶᠢᠭ᠎ᠠ ᠮᠣᠳᠤ ᠪᠠᠯᠭᠠᠰᠤ 2024 ᠣᠨ ᠤ ᠲᠥᠯᠥᠪᠯᠡᠭᠡᠲᠦ ᠦᠷᠡᠵᠢᠯ ᠤᠨ ᠭᠡᠷ ᠪᠦᠯᠢ ᠶᠢ ᠱᠠᠩᠨᠠᠨ ᠲᠡᠳᠬᠦᠵᠦ ᠣᠷᠣᠰᠢᠨ ᠲᠣᠭᠲᠠᠨᠢᠬᠤ ᠶᠢ ᠭᠡᠷᠡᠴᠢᠯᠡᠬᠦ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2024/7/9
    ᠲᠥᠯᠥᠪᠯᠡᠭᠡᠲᠦ ᠦᠷᠡᠵᠢᠯ ᠤᠨ ᠱᠠᠩᠨᠠᠨ ᠲᠡᠳᠬᠦᠬᠦ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠶᠢᠨ ᠲᠥᠯᠥᠭᠡ᠂ ᠣᠯᠠᠨ ᠲᠦᠮᠡᠨ ᠳᠤ ᠲᠥᠬᠦᠮ ᠦᠵᠡᠭᠦᠯᠬᠦ ᠪᠠᠷ ᠡᠭᠦᠰᠦᠯᠲᠡ ᠪᠣᠯᠭᠠᠵᠤ᠂ 7 ᠰᠠᠷ᠎ᠠ ᠶᠢᠨ 8 ᠤ ᠡᠳᠦᠷ ᠠᠴᠠ ᠡᠬᠢᠯᠡᠨ᠂ ᠲᠠᠶᠢᠭ᠎ᠠ ᠮᠣᠳᠤ ᠪᠠᠯᠭᠠᠰᠤ ᠠᠵᠢᠯᠲᠠᠳ ᠢᠶᠠᠨ ᠵᠣᠬᠢᠶᠠᠨ ᠪᠠᠶᠢᠭᠤᠯᠵᠤ ᠪᠠᠯᠭᠠᠰᠤᠨ ᠤ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠢᠩᠬᠢᠮ ᠳᠤ ᠲᠣᠰᠬᠤᠨ ᠳᠠᠷᠠᠭᠠᠯᠠᠨ 15 ᠡᠳᠦᠷ ᠤᠨ ᠬᠤᠭᠤᠴᠠᠭ᠎ᠠ ᠲᠠᠢ ᠲᠥᠯᠥᠪᠯᠡᠭᠡᠲᠦ ᠦᠷᠡᠵᠢᠯ ᠤᠨ ᠬᠡᠷ ᠪᠦᠯᠢ ᠶᠢ ᠱᠠᠩᠨᠠᠨ ᠲᠡᠳᠬᠦᠬᠦ ᠬᠥᠮᠦᠰ ᠤᠨ ᠣᠷᠣᠰᠢᠨ ᠲᠣᠭᠲᠠᠨᠢᠬᠤ ᠶᠢ ᠲᠥᠪᠯᠡᠷᠡᠭᠦᠯᠦᠨ ᠭᠡᠷᠡᠴᠢᠯᠡᠬᠦ ᠠᠵᠢᠯ ᠢ ᠥᠷᠨᠢᠭᠦᠯᠪᠡ᠃    ᠪᠠᠯᠭᠠᠰᠤᠨ ᠤ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ ᠨᠢ ᠡᠮᠦᠨᠡᠬᠢ ᠬᠤᠭᠤᠴᠠᠭᠠᠨ ᠤ ᠲᠣᠭᠲᠠᠭᠠᠭᠰᠠᠨ ᠨᠠᠷᠢᠨ ᠲᠣᠳᠣᠷᠬᠠᠶ ᠭᠡᠷᠡᠴᠢᠯᠡᠯ ᠤᠨ ᠲᠠᠰ ᠳᠠᠷᠠᠭᠠᠯᠠᠯ ᠪᠠ ᠲᠦᠷᠢᠮ ᠶᠣᠰᠣᠭᠠᠷ᠂ ᠪᠠᠶᠢᠳᠠᠯ ᠢ ᠴᠢᠩᠭ᠎ᠠ ᠬᠢᠨᠠᠨ ᠬᠠᠷᠭᠤᠭᠤᠯᠵᠤ᠂ ᠬᠢᠨᠠᠮᠠᠭᠠᠶ ᠬᠠᠷᠢᠴᠠᠭᠤᠯᠤᠨ ᠬᠠᠷᠭᠤᠭᠤᠯᠵᠤ᠂ ᠱᠠᠩᠨᠠᠵᠤ ᠲᠡᠳᠬᠦᠬᠦ ᠡᠲᠡᠭᠡᠳ ᠨᠢᠭᠡᠪᠦᠷᠢ ᠶᠢᠨ ᠮᠡᠳᠡᠭᠡ ᠵᠠᠩᠭᠢ ᠶᠢᠨ ᠦᠨᠡᠨ ᠪᠣᠳᠠᠲᠠᠶ᠂ ᠣᠨᠣᠪᠴᠢᠲᠠᠶ ᠪᠠᠶᠢᠬᠤ ᠶᠢ ᠦᠨᠡᠨᠬᠦ ᠪᠠᠲᠤᠯᠠᠵᠤ᠂ ᠨᠢᠭᠡ ᠬᠥᠮᠦᠨ ᠢ ᠴᠦ ᠣᠷᠬᠢᠭᠳᠠᠭᠤᠯᠬᠤ ᠥᠬᠡᠶ᠂ ᠨᠢᠭᠡ ᠵᠦᠢᠯ ᠢ ᠴᠦ ᠣᠷᠬᠢᠭᠳᠠᠭᠤᠯᠬᠤ ᠥᠬᠡᠶ ᠪᠠᠶᠢᠬᠤ ᠬᠡᠷᠡᠭᠲᠡᠶ᠃ ᠲᠣᠰ ᠤᠳᠠᠭ᠎ᠠ ᠬᠥᠳᠡᠭᠡ ᠲᠣᠰᠬᠤᠨ ᠤ ᠲᠥᠯᠥᠪᠯᠡᠭᠡ ᠲᠠᠢ ᠪᠠᠷ ᠬᠡᠤᠬᠡᠳ ᠠᠪᠤᠭᠰᠠᠨ ᠬᠡᠷ ᠪᠦᠯᠢ ᠶᠢᠨ ᠱᠠᠩᠨᠠᠯ ᠢ ᠨᠡᠶᠢᠲᠡ 1288 ᠬᠥᠮᠦᠨ ᠢ ᠬᠢᠨᠠᠨ ᠪᠠᠶᠢᠴᠠᠭᠠᠵᠤ᠂ ᠲᠥᠷᠥ ᠶᠢᠨ ᠪᠣᠳᠣᠯᠭ᠎ᠠ ᠳᠤ ᠨᠡᠶᠢᠴᠡᠬᠦ ᠬᠡᠷ ᠪᠦᠯᠢ ᠶᠢᠨ ᠤᠯᠤᠰ ᠤᠨ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠴᠠᠭ ᠲᠤᠬᠠᠶ ᠳᠤᠨᠢ ᠭᠥᠷᠳᠡᠬᠦ ᠶᠢ ᠦᠨᠡᠨ ᠬᠦ ᠪᠠᠲᠤᠯᠠᠪᠠ᠃    ᠲᠠᠶᠢᠭ᠎ᠠ ᠮᠣᠳᠤ ᠪᠠᠯᠭᠠᠰᠤᠨ ᠤ ᠠᠷᠠᠳ ᠲᠤ ᠳᠥᠭᠦᠮ ᠦᠵᠡᠭᠦᠯᠬᠦ  ᠦᠢᠯᠡᠴᠢᠯᠡᠭᠡᠨ ᠤ ᠲᠥᠪ ᠨᠢ ᠣᠯᠠᠨ ᠲᠦᠮᠡᠨ ᠳᠤ ᠦᠢᠯᠡᠴᠢᠯᠡᠬᠦ ᠵᠣᠷᠢᠯᠲᠠ ᠶᠢ ᠢᠮᠠᠭᠲᠠ ᠪᠠᠷᠢᠮᠲᠠᠯᠠᠵᠤ᠂ ᠵᠢᠯ ᠪᠦᠷᠢ ᠬᠢᠨᠠᠨ ᠭᠡᠷᠡᠴᠢᠯᠡᠬᠦ ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠨᠠᠮ ᠪᠠ ᠤᠯᠤᠰ ᠤᠨ ᠠᠷᠠᠳ ᠲᠤ ᠠᠰᠢᠭ ᠬᠦᠷᠲᠡᠭᠡᠬᠦ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠠᠷᠠᠳ ᠤᠨ ᠰᠡᠳᠬᠢᠯ ᠳᠤ ᠨᠠᠩ ᠭᠦᠨ ᠬᠠᠳᠠᠩᠰᠢᠭᠤᠯᠵᠠᠶ ᠃ ᠲᠠᠷᠠᠭᠠᠴᠢ ᠶᠢᠨ ᠠᠯᠬᠤᠮ ᠳᠤ᠂ ᠪᠠᠯᠭᠠᠰᠤᠨ ᠤ ᠠᠷᠠᠳ ᠲᠤ ᠲᠥᠬᠦᠮ ᠦᠵᠡᠭᠦᠯᠬᠦ ᠦᠶ᠋ᠯᠡᠴᠢᠯᠡᠭᠡᠨ ᠤ ᠲᠥᠪ ᠠᠴᠠ ᠦᠷᠭᠦᠯᠵᠢᠯᠡᠨ ᠦᠨᠡᠨ ᠠᠴᠠ ᠵᠥᠪ ᠢ ᠡᠷᠢᠬᠦ ᠠᠵᠢᠯ ᠤᠨ ᠣᠪᠣᠷ ᠪᠠ ᠯᠠᠪᠳᠠᠭᠤᠨ ᠪᠠᠲᠤᠲᠠᠶ ᠴᠢᠩᠭ᠎ᠠ ᠨᠢᠮᠪᠠᠶ ᠠᠵᠢᠯ ᠤᠨ ᠰᠤᠷᠲᠠᠯ ᠢᠶᠠᠷ ᠤᠯᠤᠰ ᠤᠨ ᠱᠠᠩᠨᠠᠨ ᠲᠡᠳᠬᠦᠬᠦ ᠲᠥᠷᠥ ᠶᠢᠨ ᠪᠣᠳᠣᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠲᠡᠳᠬᠦᠨ ᠳᠡᠮᠵᠢᠬᠦ ᠠᠵᠢᠯ ᠤᠨ ᠡᠷᠬᠡ ᠲᠡᠭᠰᠢ᠂ ᠲᠥᠪ ᠭᠤᠤᠯᠴᠢ᠂ ᠢᠯᠡ ᠲᠣᠳᠣ ᠪᠠᠶᠢᠬᠤ ᠶᠢ ᠦᠨᠡᠨ ᠬᠦ ᠪᠠᠲᠤᠯᠠᠵᠤ᠂ ᠥᠷᠭᠡᠨ ᠣᠯᠠᠨ ᠠᠷᠠᠳ ᠲᠦᠮᠡᠨ ᠤ ᠲᠣᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠶᠡᠭᠡ ᠶᠠᠪᠤᠳᠠᠯ ᠢ ᠰᠠᠶᠢᠲᠤᠷ ᠬᠢᠨ᠎ᠠ᠃
 
ᠢᠷᠡᠯᠲᠡ᠄ ᠲᠠᠶᠢᠭ᠎ᠠ ᠮᠣᠳᠤ ᠪᠠᠯᠭᠠᠰᠤ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号