ᠲᠦᠮᠡᠳ ᠵᠡᠭᠦᠨ ᠬᠤᠰᠢᠭᠤᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ  ᠠᠴᠠ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠪᠣᠯᠪᠠᠰᠤᠷᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/9
   ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠠᠵᠤ ᠠᠬᠤᠶᠢᠯᠠᠯ ᠤᠨ ᠦᠨᠡᠨᠴᠢ ᠢᠲᠡᠭᠡᠮᠵᠢ ᠶᠢᠨ ᠰᠣᠶᠣᠯ ᠢ ᠶᠡᠬᠡᠪᠡᠷ ᠪᠠᠳᠠᠷᠠᠭᠤᠯᠤᠨ᠂ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠬᠤ ᠶᠢᠨ ᠲᠥᠯᠥᠭᠡ᠂ 7 ᠰᠠᠷ᠎ᠠ ᠶᠢᠨ 4 ᠤ ᠡᠳᠦᠷ᠂ ᠲᠦᠮᠡᠳ ᠵᠡᠭᠦᠨ ᠬᠤᠰᠢᠭᠤᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠬᠢᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠪᠣᠯᠪᠠᠰᠤᠷᠠᠭᠤᠯᠤᠯ ᠤᠨ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ᠃ ᠬᠤᠷᠠᠯ ᠠᠴᠠ ᠲᠦᠮᠡᠳ ᠵᠡᠭᠦᠨ ᠬᠤᠰᠢᠭᠤᠨ ᠤ 40 ᠭᠠᠷᠤᠶ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠲᠥᠯᠥᠭᠡᠯᠡᠭᠴᠢ ᠶᠢ ᠤᠷᠢᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠵᠤ ᠠᠬᠤᠶᠢᠯᠠᠯ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠶᠢᠨ ᠲᠥᠯᠥᠭᠡ ᠶᠤᠮ᠃    ᠬᠤᠷᠠᠯ ᠳᠡᠭᠡᠷ᠎ᠡ᠂ ᠶᠡᠷᠦᠩᠬᠡᠶ ᠱᠦᠵᠢ ᠰᠢ ᠶᠢᠨ ᠫᠢᠩ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠲᠤᠬᠠᠶ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠢᠴᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠲᠦᠷᠢᠮ︾ ᠢ ᠬᠠᠮᠲᠤ ᠪᠠᠷ ᠰᠤᠷᠤᠯᠴᠠᠪᠠ᠃ ᠬᠤᠷᠠᠯ ᠠᠴᠠ᠂ ᠦᠨᠡᠨᠴᠢ ᠢᠲᠡᠭᠡᠮᠵᠢ ᠪᠣᠯ ᠠᠵᠤ ᠠᠬᠤᠶᠢᠯᠠᠯ ᠤᠨ ᠭᠤᠣᠯᠯᠠᠭᠴᠢ ᠦᠷᠢᠰᠦᠯᠳᠦᠬᠦ ᠬᠦᠴᠦᠨ᠂ ᠠᠵᠤ ᠠᠬᠤᠶᠢᠯᠠᠯ ᠤᠨ ᠠᠯᠤᠰ ᠬᠡᠳᠤ ᠶᠢᠨ ᠬᠥᠭᠵᠢᠯᠲᠡ ᠶᠢᠨ ᠰᠠᠭᠤᠷᠢ ᠮᠥᠨ᠂ ᠠᠵᠤ ᠠᠬᠤᠶᠢᠯᠠᠯ ᠤᠨ ᠬᠢᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠴᠢᠬᠤᠯᠠᠴᠢᠯᠠᠬᠤ ᠬᠡᠷᠡᠭᠲᠡᠢ᠂ ᠠᠵᠤ ᠠᠬᠤᠶᠢᠯᠠᠯ ᠤᠨ ᠦᠨᠡᠨᠴᠢ ᠢᠲᠡᠭᠡᠮᠵᠢ ᠶᠢᠨ ᠬᠠᠤᠯᠢ ᠲᠦᠷᠢᠮ ᠤᠨ ᠪᠠᠶᠢᠭᠤᠯᠤᠯᠲᠠ᠂ ᠶᠣᠰᠣ ᠰᠤᠷᠲᠠᠬᠤᠨ ᠤ ᠪᠠᠶᠢᠭᠤᠯᠤᠯᠲᠠ᠂ ᠬᠢᠨᠠᠨ ᠬᠠᠮᠢᠶᠠᠷᠬᠤ ᠲᠣᠭᠲᠠᠴᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠦᠢᠯᠡᠳᠬᠦᠨ ᠤ ᠶᠠᠰᠤ ᠴᠢᠨᠠᠷ ᠪᠣᠯᠤᠨ ᠦᠢᠯᠡᠴᠢᠯᠡᠭᠡᠨ ᠤ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠰᠠᠶᠢᠨ ᠰᠠᠶᠢᠬᠠᠨ ᠲᠦᠷᠦᠯ ᠲᠡᠮᠳᠡᠭ ᠤᠨ ᠲᠦᠷᠢ ᠲᠥᠷᠬᠦ ᠶᠢ ᠪᠤᠢ ᠪᠣᠯᠭᠠᠵᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠪᠠᠷ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠲᠣᠰ ᠤᠳᠠᠭᠠᠨ ᠤ ᠪᠣᠯᠪᠠᠰᠤᠷᠠᠭᠤᠯᠤᠯ ᠤᠨ ᠬᠤᠷᠠᠯ ᠢ ᠬᠤᠷᠠᠯᠳᠤᠭᠤᠯᠬᠤ ᠪᠠᠷ ᠳᠠᠮᠵᠢᠭᠤᠯᠤᠨ᠂ ᠠᠵᠤ ᠠᠬᠤᠶᠢᠯᠠᠯ ᠤᠨ ᠦᠨᠡᠨᠴᠢ ᠢᠲᠡᠭᠡᠮᠵᠢᠲᠡᠶ ᠪᠠᠷ ᠡᠵᠡᠩᠨᠡᠬᠦ ᠶᠢᠨ ᠴᠢᠬᠤᠯᠠ ᠴᠢᠨᠠᠷ ᠤᠨ ᠲᠤᠬᠠᠶ ᠲᠠᠨᠢᠯᠲᠠ ᠶᠢ ᠭᠦᠨᠵᠡᠭᠡᠶᠢᠷᠡᠭᠦᠯᠵᠦ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠤᠬᠠᠮᠰᠠᠷ ᠠᠴᠠ ᠪᠠᠨ ᠠᠵᠤ ᠠᠬᠤᠶᠢᠯᠠᠯ ᠤᠨ ᠡᠵᠡᠩᠨᠡᠯᠲᠡ ᠬᠠᠮᠢᠶᠠᠷᠤᠯᠲᠠ ᠶᠢᠨ ᠪᠥᠬᠦ ᠶᠠᠪᠤᠴᠠ ᠳᠤ ᠠᠭᠤᠰᠤᠯᠴᠠᠭᠤᠯᠵᠤ᠂ ᠠᠵᠢᠯ ᠲᠥᠷᠥᠯ ᠤᠨ ᠬᠥᠭᠵᠢᠯᠲᠡ ᠶᠢᠨ ᠡᠮᠬᠢ ᠵᠢᠷᠤᠮ ᠢ ᠲᠠᠰᠤᠷᠠᠯᠲᠠ ᠥᠬᠡᠶ ᠵᠢᠷᠤᠮᠵᠢᠭᠤᠯᠤᠨ᠂ ᠬᠤᠳᠠᠯᠳᠤᠭ᠎ᠠ ᠡᠵᠡᠩᠨᠡᠬᠦ ᠰᠠᠶᠢᠨ ᠰᠠᠶᠢᠬᠠᠨ ᠣᠷᠴᠢᠨ ᠨᠥᠬᠦᠴᠡᠯ ᠢ ᠬᠠᠮᠲᠤ ᠪᠠᠷ ᠪᠣᠶ ᠪᠣᠯᠭᠠᠪᠠ᠃
 
ᠢᠷᠡᠯᠲᠡ᠄ ᠦᠢᠯᠡᠳᠪᠦᠷᠢ ᠬᠤᠳᠠᠯᠳᠤᠭᠠᠨ ᠤ ᠬᠤᠯᠪᠣᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号