ᠲᠦᠮᠡᠳ ᠵᠡᠭᠦᠨ ᠬᠤᠰᠢᠭᠤᠨ ᠤ ᠵᠡᠮᠳᠡᠭᠴᠦᠳ ᠤᠨ ᠬᠤᠯᠪᠤᠭ᠎ᠠ ᠮᠡᠳᠡᠷᠡᠯ ᠤᠨ ᠰᠠᠭᠠᠳ ᠤᠨ ᠰᠡᠵᠢᠭᠯᠡᠯᠲᠡᠶ ᠡᠪᠡᠳᠴᠢᠲᠡᠨ ᠢ ᠦᠨᠡᠯᠡᠨ ᠲᠣᠭᠲᠠᠭᠠᠬᠤ ᠠᠵᠢᠯᠯᠠᠭ᠎ᠠ ᠶᠢ ᠲᠥᠪᠯᠡᠷᠡᠭᠦᠯᠦᠨ ᠥᠷᠨᠢᠭᠦᠯᠪᠡ
ᠨᠡᠶᠢᠲᠡᠯᠡᠭᠰᠡᠨ ᠴᠠᠭ᠄
2024/7/9
    ᠵᠡᠮᠳᠡᠭᠴᠦᠳ ᠤᠨ ᠡᠷᠬᠡ ᠠᠰᠢᠭ ᠢ ᠤᠯᠠᠮ ᠨᠢᠭᠡ ᠠᠯᠬᠤᠮ ᠪᠠᠲᠤᠯᠠᠵᠤ᠂ ᠣᠯᠠᠨ ᠲᠦᠮᠡᠨ ᠤ ︽ᠪᠠᠴᠢᠮ ᠪᠡᠷᠬᠡ ᠵᠣᠪᠠᠨᠢᠯ︾ ᠤᠨ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ 7 ᠰᠠᠷ᠎ᠠ ᠶᠢᠨ 5 ᠤ ᠡᠳᠦᠷ ᠠᠴᠠ 6 ᠤ ᠡᠳᠦᠷ ᠪᠣᠯᠲᠠᠯ᠎ᠠ᠂ ᠲᠦᠮᠡᠳ ᠵᠡᠭᠦᠨ ᠬᠤᠰᠢᠭᠤᠨ ᠤ ᠵᠡᠮᠳᠡᠭᠴᠦᠳ ᠤᠨ ᠬᠤᠯᠪᠣᠭ᠎ᠠ ᠠᠴᠠ ᠥᠪᠥᠷ ᠮᠣᠩᠭᠤᠯ ᠤᠨ ᠮᠡᠳᠡᠷᠡᠯ ᠤᠨ ᠡᠷᠡᠭᠦᠯ ᠬᠠᠮᠠᠭᠠᠯᠠᠯ ᠤᠨ ᠲᠥᠪ ᠤᠨ ᠲᠤᠰᠬᠠᠶ ᠮᠡᠷᠭᠡᠵᠢᠯᠲᠡᠨ ᠢ ᠲᠤᠰᠬᠠᠶᠢᠯᠠᠨ ᠤᠷᠢᠵᠤ᠂ ᠲᠦᠮᠡᠳ ᠵᠡᠭᠦᠨ ᠬᠤᠰᠢᠭᠤᠨ ᠳᠤ ᠭᠦᠨᠵᠡᠭᠡᠶᠢᠷᠡᠨ ᠮᠡᠳᠡᠷᠡᠯ ᠤᠨ ᠰᠠᠭᠠᠳ ᠲᠠᠢ 110 ᠡᠪᠡᠳᠴᠢᠲᠡᠨ ᠳᠤ ᠲᠥᠪᠯᠡᠷᠡᠭᠦᠯᠦᠨ ᠵᠡᠮᠳᠡᠭᠴᠦᠳ ᠢ ᠦᠨᠡᠯᠡᠨ ᠲᠣᠭᠲᠠᠭᠠᠪᠠ᠃    ᠲᠤᠬᠠᠶ ᠶᠢᠨ ᠲᠠᠯᠠᠪᠤᠷ ᠢ ᠦᠨᠡᠯᠡᠨ ᠲᠣᠭᠲᠠᠭᠠᠵᠤ᠂ ᠮᠡᠳᠡᠷᠡᠯ ᠤᠨ ᠰᠠᠭᠠᠳ ᠲᠠᠢ ᠡᠪᠡᠳᠴᠢᠲᠡᠨ ᠵᠡᠮᠳᠡᠭᠴᠦᠳ ᠤᠨ ᠬᠤᠯᠪᠣᠭ᠎ᠠ ᠪᠠ ᠡᠮᠴᠢ ᠰᠤᠪᠢᠯᠠᠭᠴᠢ ᠶᠢᠨ ᠬᠦᠯᠢᠴᠡᠩᠭᠦᠶ ᠪᠠᠷ ᠵᠢᠯᠣᠭᠤᠳᠣᠯᠭ᠎ᠠ ᠳᠣᠤᠷ᠎ᠠ᠂ ᠡᠮᠬᠢ ᠵᠢᠷᠤᠮ ᠲᠠᠢ ᠪᠠᠷ ᠵᠡᠮᠳᠡᠭ ᠤᠨ ᠬᠢᠨᠠᠨ ᠲᠣᠭᠲᠠᠭᠠᠯᠲᠠ ᠬᠢᠪᠡ᠃ ᠲᠤᠰᠬᠠᠶ ᠮᠡᠷᠭᠡᠵᠢᠯᠲᠡᠳ ᠣᠶᠤᠨ ᠮᠡᠳᠡᠷᠡᠯ ᠤᠨ ᠰᠠᠭᠠᠳ ᠲᠠᠢ ᠡᠪᠡᠳᠴᠢᠲᠡᠨ ᠤ ᠦᠨᠳᠦᠰᠦᠨ ᠪᠠᠶᠢᠳᠠᠯ ᠢ ᠨᠠᠷᠢᠨ ᠬᠢᠨᠠᠮᠠᠭᠠᠶ ᠯᠠᠪᠯᠠᠨ ᠠᠰᠠᠭᠤᠵᠤ᠂ ᠡᠪᠡᠳᠴᠢᠨ ᠤ ᠵᠢᠱᠢᠶ᠎ᠡ ᠶᠢ ᠪᠠᠶᠢᠴᠠᠭᠠᠨ ᠦᠵᠡᠬᠦ᠂ ᠡᠪᠡᠳᠴᠢᠨ ᠤ ᠪᠠᠶᠢᠳᠠᠯ ᠢ ᠯᠠᠪᠯᠠᠨ ᠠᠰᠠᠭᠤᠬᠤ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠶᠡᠷᠦᠩᠬᠡᠶᠢᠯᠡᠨ ᠣᠨᠣᠰᠢᠯᠠᠭᠰᠠᠨ ᠵᠡᠮᠳᠡᠭ ᠤᠨ ᠪᠠᠶᠢᠳᠠᠯ ᠢ ᠶᠡᠷᠦᠩᠬᠡᠶᠢᠯᠡᠨ ᠬᠢᠨᠠᠨ ᠲᠣᠭᠲᠠᠭᠠᠵᠤ᠂ ᠰᠢᠯᠭᠠᠨ ᠲᠣᠭᠲᠠᠭᠠᠬᠤ ᠪᠠᠷᠢᠮᠵᠢᠶ᠎ᠠ ᠶᠢ ᠦᠨᠳᠦᠰᠦᠯᠡᠨ ᠰᠢᠨᠵᠢᠯᠡᠬᠦ ᠤᠬᠠᠭᠠᠨᠴᠢ ᠪᠠᠷ ᠵᠡᠷᠭᠡ ᠲᠠᠰ ᠲᠣᠭᠲᠠᠭᠠᠵᠤ᠂ ᠡᠮᠨᠡᠯᠭᠡ ᠳᠤ ᠰᠠᠭᠤᠵᠤ ᠡᠮᠨᠡᠭᠦᠯᠬᠦ ᠵᠢᠴᠢ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠬᠤ ᠵᠡᠷᠭᠡ ᠰᠠᠨᠠᠭᠤᠯᠭ᠎ᠠ ᠥᠭᠴᠦ᠂ ᠵᠡᠮᠳᠡᠭᠴᠦᠳ ᠤᠨ ᠬᠤᠯᠪᠣᠭᠠᠨ ᠤ ᠠᠵᠢᠯᠲᠠᠨ ᠲᠤᠬᠠᠶ ᠶᠢᠨ ᠲᠠᠯᠠᠪᠤᠷ ᠤᠨ ᠵᠡᠮᠳᠡᠭᠴᠦᠳ ᠵᠢᠴᠢ ᠬᠡᠷ ᠪᠦᠯᠢ ᠶᠢᠨ ᠬᠢᠨ ᠳᠤ ᠵᠡᠮᠳᠡᠭᠴᠦᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠬᠢᠪᠡ᠃ ᠡᠭᠦᠨ ᠤ ᠬᠠᠮᠲᠤ ᠣᠶᠤᠨ ᠮᠡᠳᠡᠷᠡᠯ ᠤᠨ ᠰᠠᠭᠠᠳ ᠲᠠᠢ ᠬᠡᠰᠡᠭ ᠰᠡᠵᠢᠭᠯᠡᠯᠲᠡᠶ ᠡᠪᠡᠳᠴᠢᠲᠡᠨ ᠤ ᠬᠥᠳᠡᠯᠵᠦ ᠪᠠᠷᠢᠬᠤ ᠳᠤ ᠳᠥᠭᠦᠮ ᠦᠭᠡᠢ ᠪᠠᠶᠢᠬᠤ ᠪᠠᠶᠢᠳᠠᠯ ᠳᠤ ᠴᠢᠭᠯᠡᠭᠦᠯᠦᠨ᠂ ᠦᠨᠡᠯᠡᠨ ᠲᠣᠭᠲᠠᠭᠠᠬᠤ ᠳᠤᠭᠤᠶᠢᠯᠠᠩ ᠡᠪᠡᠳᠴᠢᠲᠡᠨ ᠤ ᠬᠡᠷ ᠲᠤ ᠭᠦᠨᠵᠡᠭᠡᠶᠢᠷᠡᠵᠦ᠂ ᠬᠡᠷ ᠲᠤᠨᠢ ᠬᠦᠷᠴᠦ ᠦᠨᠡᠯᠡᠨ ᠲᠣᠭᠲᠠᠭᠠᠬᠤ ᠦᠢᠯᠡᠴᠢᠯᠡᠭᠡ ᠬᠠᠩᠭᠠᠪᠠ᠃    ᠲᠣᠰ ᠤᠳᠠᠭᠠᠨ ᠤ ᠲᠥᠪᠯᠡᠷᠡᠭᠦᠯᠦᠨ ᠦᠨᠡᠯᠡᠨ ᠲᠣᠭᠲᠠᠭᠠᠬᠤ ᠠᠵᠢᠯᠯᠠᠭ᠎ᠠ ᠨᠢ ᠣᠶᠤᠨ ᠮᠡᠳᠡᠷᠡᠯ ᠤᠨ ᠰᠠᠭᠠᠳ ᠲᠠᠢ ᠡᠪᠡᠳᠴᠢᠲᠡᠨ ᠢ ᠵᠡᠮᠳᠡᠭᠴᠦᠳ ᠢ ᠦᠨᠡᠯᠡᠨ ᠲᠣᠭᠲᠠᠭᠠᠬᠤ ᠡᠮᠨᠡᠯᠭᠡ ᠶᠢᠨ ᠬᠤᠷᠢᠶ᠎ᠠ ᠳᠤ ᠬᠦᠷᠴᠦ ᠵᠡᠮᠳᠡᠭᠴᠦᠳ ᠢ ᠦᠨᠡᠯᠡᠨ ᠲᠣᠭᠲᠠᠭᠠᠬᠤ ᠪᠣᠳᠠᠲᠠᠶ ᠬᠦᠴᠢᠷ ᠠᠰᠠᠭᠤᠳᠠᠯ ᠢ ᠦᠨᠡᠨ ᠬᠦ ᠰᠢᠢᠳᠪᠦᠷᠢᠯᠡᠵᠦ᠂ ᠵᠡᠮᠳᠡᠭᠴᠦᠳ ᠲᠤ ᠦᠢᠯᠡᠴᠢᠯᠡᠬᠦ ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠥᠷᠭᠡᠨ ᠳᠡᠯᠭᠡᠷ ᠰᠠᠶᠢᠨ ᠦᠨᠡᠯᠡᠯᠲᠡ ᠶᠢ ᠣᠯᠵᠤ᠂ ᠵᠡᠮᠳᠡᠭᠴᠦᠳ ᠤᠨ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠪᠦᠲᠦᠮᠵᠢᠲᠡᠶ ᠳᠡᠭᠡᠭᠰᠢᠯᠡᠭᠦᠯᠵᠦ᠂ ᠵᠡᠮᠳᠡᠭᠴᠦᠳ ᠢ ᠲᠡᠳᠬᠦᠵᠦ ᠵᠡᠮᠳᠡᠭᠴᠦᠳ ᠢ ᠲᠤᠰᠠᠯᠠᠬᠤ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠪᠠ᠃
 
ᠢᠷᠡᠯᠲᠡ᠄ ᠵᠡᠮᠳᠡᠭᠴᠦᠳ ᠤᠨ ᠬᠤᠯᠪᠣᠭ᠎ᠠ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号