ᠲᠦᠮᠡᠳ ᠵᠡᠭᠦᠨ ᠬᠤᠰᠢᠭᠤ 2024 ᠣᠨ ᠤ 1 - 6 ᠰᠠᠷ᠎ᠠ ᠶᠢᠨ ᠡᠳ᠋ ᠤᠨ ᠵᠠᠰᠠᠭ ᠤᠨ ᠲᠥᠰᠦᠪ ᠤᠨ ᠣᠷᠣᠯᠭ᠎ᠠ ᠵᠠᠷᠤᠯᠭ᠎ᠠ ᠶᠢᠨ ᠪᠠᠶᠢᠳᠠᠯ
ᠨᠡᠶᠢᠲᠡᠯᠡᠭᠰᠡᠨ ᠴᠠᠭ᠄
2024/7/9
    ᠨᠢᠭᠡ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ ᠪᠡᠶᠡᠯᠡᠭᠦᠯᠦᠭᠰᠡᠨ ᠪᠠᠶᠢᠳᠠᠯ    ︵ᠨᠢᠭᠡ︶ ᠡᠩ ᠤᠨ ᠤᠯᠠᠨ ᠨᠡᠶᠢᠲᠡ ᠶᠢᠨ ᠲᠦᠰᠦᠪ ᠤᠨ ᠤᠷᠤᠯᠭ᠎ᠠ ᠶᠢᠨ ᠶᠡᠷᠦᠩᠬᠡᠢ ᠪᠡᠶᠡᠯᠡᠭᠦᠯᠦᠭᠰᠡᠨ ᠪᠠᠶᠢᠳᠠᠯ    2024 ᠣᠨ ᠤ 1 - 6 ᠰᠠᠷ᠎ᠠ ᠳᠤ᠂ ᠪᠥᠬᠦ ᠬᠤᠰᠢᠭᠤᠨ ᠤ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 125185 ᠲᠦᠮᠡᠨ ᠲᠥᠭᠦᠷᠢᠭ ᠢ ᠪᠡᠶᠡᠯᠡᠭᠦᠯᠵᠦ᠂ ᠵᠢᠯ ᠤᠨ ᠡᠬᠢᠨ ᠤ ᠲᠥᠰᠦᠪ ᠤᠨ ᠣᠷᠣᠯᠭ᠎ᠠ ᠶᠢᠨ ᠡᠭᠦᠷᠭᠡ 228634 ᠲᠦᠮᠡᠨ ᠲᠥᠭᠦᠷᠢᠭ ᠤᠨ 54.75% ᠶᠢ ᠪᠡᠶᠡᠯᠡᠭᠦᠯᠵᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 10869 ᠲᠦᠮᠡᠨ ᠲᠥᠭᠦᠷᠢᠭ ᠨᠡᠮᠡᠭᠳᠡᠵᠦ᠂ 9.51% ᠪᠠᠷ ᠨᠡᠮᠡᠭᠳᠡᠪᠡ᠃ ᠡᠭᠦᠨ ᠳᠤ ᠄ ᠭᠠᠶᠢᠯᠢ ᠲᠠᠲᠠᠪᠤᠷᠢ ᠶᠢᠨ ᠣᠷᠣᠯᠭ᠎ᠠ 109208 ᠲᠦᠮᠡᠨ ᠲᠥᠭᠦᠷᠢᠭ ᠢ ᠪᠡᠶᠡᠯᠡᠭᠦᠯᠵᠦ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢᠨ 87.24% ᠶᠢ ᠡᠵᠡᠯᠡᠪᠡ᠃ ᠭᠠᠶᠢᠯᠢ ᠶᠢᠨ ᠪᠤᠰᠤ ᠣᠷᠣᠯᠭ᠎ᠠ 15977 ᠲᠦᠮᠡᠨ ᠲᠥᠭᠦᠷᠢᠭ ᠢ ᠪᠡᠶᠡᠯᠡᠭᠦᠯᠵᠦ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢᠨ 12.76% ᠶᠢ ᠡᠵᠡᠯᠡᠪᠡ᠃     ︵ᠬᠤᠶᠠᠷ︶ ᠡᠩ ᠤᠨ ᠣᠯᠠᠨ ᠨᠡᠶᠢᠲᠡ ᠶᠢᠨ ᠲᠥᠰᠥᠪ ᠤᠨ ᠭᠠᠶᠢᠯᠢ ᠶᠢᠨ ᠲᠦᠷᠦᠯ ᠤᠨ ᠣᠷᠣᠯᠭ᠎ᠠ ᠶᠢ ᠪᠡᠶᠡᠯᠡᠭᠦᠯᠦᠭᠰᠡᠨ ᠪᠠᠶᠢᠳᠠᠯ     ᠦᠷᠡᠳᠡᠭ ᠨᠡᠮᠡᠭᠳᠡᠯ ᠤᠨ ᠭᠠᠶᠢᠯᠢ ᠳᠤ 45909 ᠳᠦᠮᠠᠨ ᠳᠦᠭᠦᠷᠢᠭ ᠢ ᠪᠠᠶᠠᠯᠠᠭᠦᠯᠵᠤ᠂ ᠠᠲᠠᠯᠢ ᠬᠤᠭᠤᠴᠠᠭᠠᠨ ᠠᠴᠠ 2.35 % ᠨᠡᠮᠡᠭᠳᠡᠵᠡᠢ᠃    ᠬᠤᠶᠠᠷ᠂ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢ ᠪᠡᠶᠡᠯᠡᠭᠦᠯᠦᠭᠰᠡᠨ ᠪᠠᠶᠢᠳᠠᠯ    ︵ᠨᠢᠭᠡ︶ ᠡᠩ ᠤᠨ ᠣᠯᠠᠨ ᠨᠡᠶᠢᠲᠡ ᠶᠢᠨ ᠲᠥᠰᠥᠪ ᠤᠨ ᠵᠠᠷᠤᠯᠭ᠎ᠠ ᠶᠢᠨ ᠶᠡᠷᠦᠩᠬᠡᠢ ᠪᠡᠶᠡᠯᠡᠭᠦᠯᠦᠭᠰᠡᠨ ᠪᠠᠶᠢᠳᠠᠯ    1 - 6 ᠰᠠᠷ᠎ᠠ ᠳᠤ ᠪᠥᠬᠦ ᠬᠤᠰᠢᠭᠤᠨ ᠤ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠨᠡᠶᠢᠲᠡ 237345 ᠲᠦᠮᠡᠨ ᠲᠥᠭᠦᠷᠢᠭ ᠢ ᠪᠡᠶᠡᠯᠡᠭᠦᠯᠵᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 863 ᠲᠦᠮᠡᠨ ᠲᠥᠭᠦᠷᠢᠭ ᠪᠠᠭᠠᠰᠴᠤ᠂ 0.36 % ᠪᠠᠷ ᠪᠠᠭᠤᠷᠠᠪᠠ᠃ ᠭᠤᠤᠯᠳᠠᠯᠭ᠎ᠠ ᠲᠠᠢ ᠵᠠᠷᠤᠯᠭ᠎ᠠ ᠶᠢ ᠪᠡᠶᠡᠯᠡᠭᠦᠯᠦᠭᠰᠡᠨ ᠪᠠᠶᠢᠳᠠᠯ᠄ ᠰᠤᠷᠭᠠᠨ ᠬᠥᠮᠦᠵᠢᠯ ᠤᠨ ᠵᠠᠷᠤᠯᠭ᠎ᠠ 33555 ᠲᠦᠮᠡᠨ ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 19.86% ᠨᠡᠮᠡᠭᠳᠡᠪᠡ᠃ ᠨᠡᠶᠢᠭᠡᠮ ᠤᠨ ᠪᠠᠲᠤᠯᠠᠭ᠎ᠠ ᠪᠠ ᠠᠵᠢᠯ ᠣᠯᠭᠤᠯᠲᠠ ᠶᠢᠨ ᠵᠠᠷᠤᠯᠭ᠎ᠠ 49371 ᠲᠦᠮᠡᠨ ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 8.77% ᠪᠠᠷ ᠨᠡᠮᠡᠭᠳᠡᠪᠡ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠷᠤᠯᠭ᠎ᠠ 13081 ᠲᠦᠮᠡᠨ ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 54.29% ᠪᠠᠷ ᠨᠡᠮᠡᠭᠳᠡᠪᠡ᠃ ᠲᠠᠷᠢᠶᠠᠯᠠᠩ ᠣᠶ ᠰᠢᠭᠤᠶ ᠤᠰᠤᠨ ᠤ ᠶᠠᠪᠤᠳᠠᠯ ᠤᠨ ᠵᠠᠷᠤᠯᠭ᠎ᠠ 22127 ᠲᠦᠮᠡᠨ ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 37.65% ᠪᠠᠷ ᠪᠠᠭᠤᠷᠠᠪᠠ᠃    ︵ᠬᠤᠶᠠᠷ︶ ᠡᠩ ᠤᠨ ᠣᠯᠠᠨ ᠨᠡᠶᠢᠲᠡ ᠶᠢᠨ ᠲᠦᠰᠦᠪ ᠤᠨ ᠵᠠᠷᠤᠯᠭ᠎ᠠ ᠶᠢᠨ ᠳᠡᠰ ᠬᠤᠪᠢᠶᠠᠭᠰᠠᠨ ᠪᠠᠶᠢᠳᠠᠯ    ᠬᠤᠰᠢᠭᠤᠨ  ᠤ ᠲᠣᠰ ᠱᠠᠲᠤᠨ ᠤ ᠵᠠᠷᠤᠯᠭ᠎ᠠ ᠨᠡᠶᠢᠲᠡ 177409 ᠲᠦᠮᠡᠨ ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 41320 ᠲᠦᠮᠡᠨ ᠲᠥᠭᠦᠷᠢᠭ ᠪᠠᠭᠠᠰᠴᠤ᠂ 18.89% ᠪᠠᠭᠤᠷᠠᠪᠠ᠃ ᠵᠢᠨᠱᠠᠨ ᠨᠡᠭᠡᠭᠡᠯᠲᠡ ᠶᠢᠨ ᠣᠷᠣᠨ ᠳᠤ ᠨᠡᠶᠢᠲᠡ 59936 ᠲᠦᠮᠡᠨ ᠲᠥᠭᠦᠷᠢᠭ ᠵᠠᠷᠤᠴᠠᠭᠤᠯᠵᠤ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 40457 ᠲᠦᠮᠡᠨ ᠲᠥᠭᠦᠷᠢᠭ ᠨᠡᠮᠡᠭᠳᠡᠵᠦ᠂ 207.70% ᠨᠡᠮᠡᠭᠳᠡᠪᠡ᠃
 
ᠢᠷᠡᠯᠲᠡ᠄ ᠲᠦᠮᠡᠳ ᠵᠡᠬᠦᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号