ᠲᠦᠮᠡᠳ ᠵᠡᠭᠦᠨ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠳᠠᠬᠢ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠲᠠᠶᠢᠯᠪᠤᠷᠢᠯᠠᠬᠤ ᠶᠡᠭᠡ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/8/12
    ᠪᠠᠶᠢᠭᠠᠯᠢ ᠶᠢᠨ ᠡᠬᠢ ᠪᠠᠶᠠᠯᠢᠭ ᠤᠨ ᠬᠠᠤᠯᠢ ᠬᠡᠷᠡᠭᠵᠢᠭᠦᠯᠦᠯᠲᠡ ᠶᠢ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠠᠤᠯᠢ ᠬᠡᠷᠡᠭᠵᠢᠭᠦᠯᠬᠦ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠳᠠᠬᠢ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠡᠷᠡᠰ ᠬᠤᠷᠢᠭᠯᠠᠨ᠎ᠠ᠃ 8 ᠰᠠᠷ᠎ᠠ ᠶᠢᠨ 9 ᠤ ᠡᠳᠦᠷ᠂ ᠲᠦᠮᠡᠳ ᠵᠡᠭᠦᠨ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠳᠠᠬᠢ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠲᠠᠶᠢᠯᠤᠮᠵᠢ ᠬᠢᠬᠦ ᠶᠡᠭᠡ ᠬᠤᠷᠠᠯ ᠬᠤᠷᠠᠯᠳᠤᠭᠤᠯᠵᠤ᠂ ᠬᠤᠷᠠᠯ ᠠᠴᠠ ᠬᠥᠬᠡᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠵᠥᠪᠯᠡᠭᠴᠢ ᠰᠥᠩ ᠮᠧᠶ ᠡᠷᠬᠢᠯᠡᠭᠴᠢ᠂ ᠤᠶᠤᠨᠲᠠᠨ᠎ᠠ ᠬᠠᠤᠯᠢᠴᠢ ᠶᠢ ᠲᠤᠰᠬᠠᠶᠢᠯᠠᠨ ᠤᠷᠢᠵᠤ ᠬᠠᠪᠰᠤᠷᠤᠨ ᠵᠢᠯᠣᠭᠤᠳᠣᠭᠤᠯᠪᠠ᠃ ᠲᠣᠪᠴᠢᠶ᠎ᠠ ᠶᠢᠨ ᠤᠳᠤᠷᠢᠳᠬᠤ ᠪᠠᠭ᠂ ᠡᠯ᠎ᠡ ᠵᠠᠩᠭᠢᠯᠠᠭ᠎ᠠ ᠶᠢᠨ ᠺᠠᠳ᠋ᠷ᠂ ᠬᠠᠮᠢᠶ᠎ᠠ ᠪᠥᠬᠦᠶ ᠲᠠᠰᠤᠭ ᠤᠨ ᠠᠵᠢᠯᠲᠠᠨ ᠵᠢᠴᠢ ᠡᠯ᠎ᠡ ᠰᠢᠶᠠᠩ ᠪᠠᠯᠭᠠᠰᠤᠨ ᠤ ᠬᠠᠤᠯᠢ ᠬᠡᠷᠡᠭᠵᠢᠭᠦᠯᠬᠦ ᠠᠩᠭᠢ ᠶᠢᠨ ᠬᠠᠷᠢᠭᠤᠴᠠᠯᠭᠠᠲᠠᠨ᠂ ᠬᠠᠤᠯᠢ ᠬᠡᠷᠡᠭᠵᠢᠭᠦᠯᠬᠦ ᠺᠠᠳ᠋ᠷ ᠬᠤᠷᠠᠯ ᠳᠤ ᠣᠷᠣᠯᠴᠠᠵᠠᠶ᠃    ᠬᠤᠷᠠᠯ ᠳᠡᠭᠡᠷ᠎ᠡ᠂ ᠰᠦᠩ ᠮᠧᠢ ᠪᠠᠶᠢᠭᠠᠯᠢ ᠶᠢᠨ ᠡᠬᠢ ᠪᠠᠶᠠᠯᠢᠭ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠣᠳᠠᠲᠤ ᠶᠠᠪᠤᠳᠠᠯ ᠢ ᠭᠤᠣᠯᠳᠠᠯᠭ᠎ᠠ ᠲᠠᠢ ᠲᠠᠶᠢᠯᠪᠤᠷᠢᠯᠠᠵᠤ᠂ ᠡᠯᠪᠡᠭ ᠪᠠᠶᠠᠯᠢᠭ ᠠᠭᠤᠯᠭ᠎ᠠ ᠲᠠᠢ᠂ ᠪᠣᠳᠠᠲᠠᠢ ᠲᠠᠢ ᠣᠶᠢᠷᠠᠳᠴᠤ᠂ ᠪᠣᠳᠠᠲᠤ ᠵᠢᠱᠢᠶ᠎ᠡ ᠭᠠᠷᠭᠠᠬᠤ ᠠᠷᠭ᠎ᠠ ᠬᠡᠯᠪᠡᠷᠢ ᠪᠠᠷ ᠲᠤᠰᠬᠠᠢ ᠮᠡᠷᠭᠡᠵᠢᠯ ᠤᠨ ᠬᠠᠷᠠᠭᠠᠰᠤ ᠠᠴᠠ ᠬᠡᠷᠡᠭ ᠤᠨ ᠵᠢᠱᠢᠶ᠎ᠡ ᠶᠢᠨ ᠪᠣᠳᠠᠲᠤ ᠶᠠᠪᠤᠳᠠᠯ᠂ ᠭᠡᠷᠡᠴᠢ ᠪᠠᠷᠢᠮᠲᠠ᠂ ᠵᠢᠷᠤᠮ ᠪᠠ ᠬᠠᠤᠯᠢ ᠴᠠᠭᠠᠵᠠ ᠶᠢᠨ ᠬᠡᠷᠡᠭᠯᠡᠯᠲᠡ ᠵᠡᠷᠭᠡ ᠳᠤ ᠭᠦᠨᠵᠡᠭᠡᠢ ᠪᠥᠭᠡᠳ ᠣᠶᠢᠯᠠᠭᠠᠮᠵᠢᠲᠠᠢ ᠲᠠᠶᠢᠯᠪᠤᠷᠢᠯᠠᠯᠲᠠ ᠬᠢᠵᠡᠢ᠃ ᠬᠤᠷᠠᠯ ᠳᠤ ᠣᠷᠣᠯᠴᠠᠭᠰᠠᠳ ᠬᠠᠯᠠᠭᠤᠨ ᠰᠡᠳᠬᠢᠯᠭᠡ ᠣᠷᠭᠢᠯᠵᠤ᠂ ᠡᠳᠦᠷ ᠳᠤᠳᠤᠮ ᠤᠨ ᠠᠵᠢᠯ ᠤᠨ ᠳᠤᠮᠳᠠ ᠲᠤᠯᠭᠠᠷᠠᠭᠰᠠᠨ ᠠᠰᠠᠭᠤᠳᠠᠯ ᠳᠤ ᠴᠢᠭᠯᠡᠭᠦᠯᠦᠨ ᠢᠳᠡᠪᠬᠢᠲᠡᠢ ᠪᠠᠷ ᠶᠠᠷᠢᠶ᠎ᠠ ᠲᠠᠯᠪᠢᠵᠤ᠂ ᠡᠨᠡᠬᠦ ᠠᠵᠠ ᠲᠣᠬᠢᠶᠠᠯ ᠢ ᠠᠰᠢᠭᠯᠠᠨ ᠰᠦᠩ ᠮᠧᠢ ᠲᠠᠢ ᠰᠣᠯᠢᠯᠴᠠᠨ ᠶᠠᠷᠢᠯᠴᠠᠵᠤ᠂ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠭᠦᠨ ᠵᠤᠵᠠᠭᠠᠨ ᠪᠠᠶᠢᠯ᠎ᠠ᠃    ᠤᠶᠤᠨᠲᠠᠨ᠎ᠠ ᠪᠠᠶᠢᠭᠠᠯᠢ ᠶᠢᠨ ᠡᠬᠢ ᠪᠠᠶᠠᠯᠢᠭ ᠤᠨ ᠬᠠᠤᠯᠢ ᠬᠡᠷᠡᠭᠵᠢᠭᠦᠯᠬᠦ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠬᠠᠤᠯᠢ ᠬᠡᠷᠡᠭᠵᠢᠭᠦᠯᠦᠭᠰᠡᠨ ᠬᠡᠷᠡᠭ ᠤᠨ ᠵᠢᠱᠢᠶ᠎ᠡ ᠲᠠᠢ ᠤᠶᠠᠯᠳᠤᠭᠤᠯᠵᠤ᠂ ᠪᠠᠶᠢᠭᠠᠯᠢ ᠶᠢᠨ ᠡᠬᠢ ᠪᠠᠶᠠᠯᠢᠭ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠵᠢᠷᠤᠮ ᠤᠨ ᠲᠦᠭᠰᠢᠭᠦᠷᠢ ᠶᠢ ᠰᠡᠷᠭᠡᠶᠢᠯᠡᠬᠦ ᠬᠠᠮᠢᠶ᠎ᠠ ᠪᠥᠬᠦᠶ ᠬᠠᠤᠯᠢ ᠴᠠᠭᠠᠵᠠ ᠶᠢᠨ ᠮᠡᠳᠡᠯᠭᠡ ᠶᠢ ᠨᠠᠷᠢᠨ ᠪᠥᠭᠡᠳ ᠠᠮᠢᠳᠤᠯᠢᠭ ᠲᠠᠶᠢᠯᠪᠤᠷᠢᠯᠠᠭᠰᠠᠨ ᠪᠥᠭᠡᠳ ᠬᠤᠷᠠᠯ ᠳᠤ ᠣᠷᠣᠯᠴᠠᠭᠰᠠᠳ ᠲᠠᠢ ᠪᠠᠶᠢᠭᠠᠯᠢ ᠶᠢᠨ ᠡᠬᠢ ᠪᠠᠶᠠᠯᠢᠭ ᠤᠨ ᠵᠠᠰᠠᠭ ᠵᠠᠬᠢᠷᠭᠠᠨ ᠤ ᠰᠢᠢᠳᠬᠡᠯ ᠤᠨ ᠬᠡᠷᠡᠭ ᠢ ᠬᠡᠷᠡᠭ ᠪᠣᠯᠭᠠᠨ ᠳᠠᠩᠰᠠᠯᠠᠬᠤ᠂ ᠪᠠᠶᠢᠴᠠᠭᠠᠬᠤ᠂ ᠬᠡᠷᠡᠭ ᠤᠨ ᠭᠡᠷᠡᠴᠢ ᠪᠠᠷᠢᠮᠲᠠ᠂ ᠬᠠᠤᠯᠢ ᠳᠦᠷᠢᠮ ᠢ ᠬᠢᠨᠠᠨ ᠬᠠᠷᠭᠤᠭᠤᠯᠬᠤ᠂ ᠭᠡᠷᠡᠴᠢᠯᠡᠭᠡ ᠰᠣᠨᠣᠰᠬᠤ᠂ ᠰᠢᠢᠳᠬᠡᠬᠦ ᠲᠣᠭᠲᠠᠭᠠᠯ ᠤᠨ ᠪᠢᠴᠢᠭ᠂ ᠬᠦᠷᠭᠡᠬᠦ᠂ ᠭᠦᠢᠴᠡᠳᠬᠡᠬᠦ ᠵᠡᠷᠭᠡ ᠵᠢᠷᠤᠮ ᠤᠨ ᠲᠤᠬᠠᠶ ᠭᠦᠨᠵᠡᠭᠡᠶ ᠰᠤᠳᠤᠯᠤᠨ ᠶᠠᠷᠢᠯᠴᠠᠪᠠ᠃    ᠬᠤᠷᠠᠯ ᠠᠴᠠ᠂ ᠬᠤᠷᠠᠯ ᠳᠤ ᠣᠷᠣᠯᠴᠠᠭᠰᠠᠨ ᠪᠦᠬᠦ ᠬᠥᠮᠦᠰ ᠬᠢᠴᠢᠶᠡᠯᠯᠡᠬᠦ ᠠᠭᠤᠯᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠰᠤᠷᠴᠤ ᠬᠡᠷᠡᠭᠯᠡᠬᠦ ᠶᠢ ᠤᠶᠠᠯᠳᠤᠭᠤᠯᠵᠤ᠂ ᠰᠤᠷᠤᠯᠴᠠᠬᠤ ᠶᠢᠨ ᠳᠠᠭᠠᠤ ᠬᠡᠷᠡᠭᠯᠡᠵᠦ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠬᠤᠪᠢᠷᠠᠭᠤᠯᠬᠤ ᠶᠢ ᠲᠦᠷᠭᠡᠳᠬᠡᠵᠦ᠂ ᠪᠣᠯᠪᠠᠰᠤᠷᠠᠯ ᠤᠨ ᠠᠭᠤᠯᠭ᠎ᠠ ᠶᠢ ᠦᠨᠡᠨᠬᠦ ᠬᠠᠤᠯᠢ ᠬᠡᠷᠡᠭᠵᠢᠭᠦᠯᠬᠦ ᠠᠵᠢᠯ ᠤᠨ ᠦᠢᠯᠡᠳᠦᠯᠭᠡ ᠳᠤ ᠬᠡᠷᠡᠭᠯᠡᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠶᠢ ᠤᠯᠠᠮ ᠴᠢᠨᠠᠭᠰᠢᠳᠠ ᠵᠢᠷᠤᠮᠵᠢᠭᠤᠯᠤᠨ ᠬᠡᠷᠡᠭᠵᠢᠭᠦᠯᠵᠦ᠂ ᠬᠠᠤᠯᠢ ᠶᠣᠰᠣᠭᠠᠷ ᠵᠠᠰᠠᠭ ᠶᠠᠪᠤᠭᠤᠯᠬᠤ ᠴᠢᠳᠠᠪᠤᠷᠢ ᠶᠢ ᠳᠡᠭᠡᠭᠰᠢᠯᠡᠭᠦᠯᠵᠦ᠂ ᠬᠠᠤᠯᠢ ᠶᠣᠰᠣᠭᠠᠷ ᠵᠠᠰᠠᠭ ᠶᠠᠪᠤᠭᠤᠯᠬᠤ ᠲᠦᠪᠰᠢᠨ ᠢ ᠳᠡᠭᠡᠭᠰᠢᠯᠡᠭᠦᠯᠵᠦ᠂ ᠪᠠᠶᠢᠭᠠᠯᠢ ᠶᠢᠨ ᠡᠬᠢ ᠪᠠᠶᠠᠯᠢᠭ ‍ᠤᠨ‌ᠬᠠᠤᠯᠢ ᠪᠠᠷ ᠵᠠᠰᠠᠬᠤ ᠬᠢᠷᠢ ᠲᠦᠪᠰᠢᠨ ᠢ ᠲᠠᠬᠢᠨ ᠳᠡᠭᠲᠡᠷ ᠳᠠᠪᠰᠢᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃
 
ᠢᠷᠡᠯᠲᠡ᠄ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号