2024 ︽ᠤᠯᠠᠭᠠᠨ ᠦᠩᠭᠡᠲᠦ ᠬᠡᠢ ᠪᠥᠮᠪᠦᠭᠡ ᠶᠢᠨ ᠥᠷᠢᠰᠦᠯᠳᠦᠬᠦ ᠤᠷᠤᠯᠳᠤᠭᠠᠨ︾ ᠢᠯᠢ ᠶᠢᠨ ᠣᠲᠣ ᠦᠶ᠎ᠡ ᠶᠢᠨ ᠣᠶᠤᠨᠴᠢ ᠡᠷᠡᠭᠦᠯ ᠮᠡᠨᠳᠦ ᠶᠢᠨ ᠬᠥᠨᠳᠡᠢ ᠳᠤ ᠡᠬᠢᠯᠡᠪᠡ
ᠨᠡᠶᠢᠲᠡᠯᠡᠭᠰᠡᠨ ᠴᠠᠭ᠄
2024/8/12
 8 ᠰᠠᠷ᠎ᠠ ᠶᠢᠨ 11 ᠤ ᠡᠳᠦᠷ᠂ 2024 ︽ᠤᠯᠠᠭᠠᠨ ᠦᠩᠭᠡᠲᠦ ᠬᠡᠢ ᠪᠥᠮᠪᠦᠭᠡ ᠶᠢᠨ ᠥᠷᠢᠰᠦᠯᠳᠦᠬᠦ ᠤᠷᠤᠯᠳᠤᠭᠠᠨ︾ ︵ᠬᠦᠬᠡᠬᠤᠲᠠ ᠥᠷᠲᠡᠭᠡ︶ ᠲᠦᠮᠡᠳ ᠵᠡᠭᠦᠨ ᠬᠤᠰᠢᠭᠤᠨ ᠤ ᠢᠯᠢ ᠶᠢᠨ ᠣᠳᠣ ᠦᠶ᠎ᠡ ᠶᠢᠨ ᠣᠶᠤᠨᠲᠤ ᠡᠷᠡᠭᠦᠯ ᠮᠡᠨᠳᠦ ᠶᠢᠨ ᠬᠥᠨᠳᠡᠢ ᠳᠤ ᠡᠬᠢᠯᠡᠪᠡ᠃    ︽ᠤᠯᠠᠭᠠᠨ ᠦᠩᠭᠡᠲᠦ ᠬᠡᠢ ᠪᠥᠮᠪᠦᠭᠡ ᠶᠢᠨ ᠥᠷᠢᠰᠦᠯᠳᠦᠬᠦ ᠤᠷᠤᠯᠳᠤᠭᠠᠨ︾ ᠪᠣᠯ ᠳᠤᠮᠳᠠᠳᠤ ᠤᠯᠤᠰ ᠤᠨ ᠤᠯᠠᠭᠠᠨ ᠵᠠᠭᠠᠯᠮᠠᠶᠢᠲᠠᠨ ᠤ ᠰᠠᠭᠤᠷᠢ ᠮᠥᠩᠭᠦᠨ ᠤ ᠨᠡᠢᠭᠡᠮᠯᠢᠭ ᠤᠨ ᠡᠭᠦᠰᠭᠡᠨ ᠪᠠᠢᠭᠤᠯᠤᠭᠰᠠᠨ ᠤᠯᠤᠰ ᠤᠨ ᠳᠣᠲᠣᠭᠠᠳᠤ ᠶᠢᠨ ᠠᠩᠬᠠᠳᠠᠭᠴᠢ ᠪᠠᠴᠢᠮ ᠪᠠᠶᠢᠳᠠᠯ ᠢ ᠠᠷᠭᠠᠴᠠᠵᠤ ᠠᠪᠤᠷᠠᠬᠤ ᠪᠠᠷ ᠭᠤᠣᠯ ᠰᠡᠳᠦᠪ ᠪᠣᠯᠭᠠᠭᠰᠠᠨ ᠪᠦᠯᠬᠦᠮ ᠨᠡᠶᠢᠲᠡ ᠶᠢᠨ ᠮᠠᠶ᠋ᠢᠭ ᠤᠨ ᠶᠠᠪᠠᠭᠠᠨ ᠬᠥᠳᠡᠯᠭᠡᠭᠡᠨ ᠤ ᠨᠡᠶᠢᠲᠡ ᠶᠢᠨ ᠠᠰᠠᠷᠠᠮᠵᠢ ᠶᠢᠨ ᠤᠷᠤᠯᠳᠤᠭᠠᠨ ᠪᠣᠯᠤᠨ᠎ᠠ ᠃ 2021 ᠤᠨ ᠡᠬᠢᠯᠡᠭᠰᠡᠨ ᠠᠴᠠ ᠨᠠᠭᠠᠰᠢ᠂ ᠪᠡᠭᠡᠵᠢᠩ᠂ ᠭᠦᠢᠵᠧᠦ᠂ ᠰᠢ ᠠᠨ᠂ ᠷᠠᠰᠢᠶᠠᠨ ᠵᠡᠷᠭᠡ ᠭᠠᠵᠠᠷ ᠲᠤ ᠵᠠᠯᠭᠠᠭ᠎ᠠ ᠪᠠᠷ ᠤᠯᠠᠨ ᠬᠤᠭᠤᠴᠠᠭ᠎ᠠ ᠠᠮᠵᠢᠯᠲᠠ ᠲᠠᠢ ᠡᠷᠬᠢᠯᠡᠪᠡ᠃    ᠲᠣᠰ ᠤᠳᠠᠭᠠᠨ ᠤ ᠥᠷᠢᠰᠥᠯᠳᠦᠭᠡᠨ ᠤ ᠤᠷᠤᠯᠳᠤᠭᠠᠨ ᠢ ᠳᠤᠮᠳᠠᠳᠤ ᠤᠯᠤᠰ ᠤᠨ ᠤᠯᠠᠭᠠᠨ ᠵᠠᠭᠠᠯᠮᠠᠶᠢᠲᠠᠨ ᠤ ᠰᠠᠭᠤᠷᠢ ᠮᠥᠩᠭᠦᠨ ᠤ ᠨᠡᠶᠢᠭᠡᠮᠯᠢᠭ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠠᠴᠠ ᠭᠤᠤᠯᠯᠠᠨ ᠡᠷᠭᠢᠯᠡᠵᠦ᠂ ᠥᠪᠥᠷ ᠮᠣᠩᠭᠤᠯ ᠤᠨ ᠤᠯᠠᠭᠠᠨ ᠵᠠᠭᠠᠯᠮᠠᠶᠢᠲᠠᠨ ᠤ ᠰᠠᠭᠤᠷᠢ ᠮᠥᠩᠭᠦᠨ ᠤ ᠨᠡᠶᠢᠭᠡᠮᠯᠢᠭ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠪᠣᠯᠪᠠᠰᠤᠷᠠᠯ ᠤᠨ ᠲᠥᠪ᠂ ᠬᠥᠬᠡᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠲᠦᠮᠡᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠲᠦᠮᠡᠳ ᠵᠡᠭᠦᠨ ᠬᠤᠰᠢᠭᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠬᠠᠮᠵᠢᠯᠴᠠᠨ ᠡᠷᠭᠢᠯᠡᠵᠦ᠂ ᠢᠯᠢ ᠪᠦᠯᠦᠭᠯᠡᠯ᠂ ᠥᠪᠥᠷ ᠮᠣᠩᠭᠤᠯ ᠤᠨ ᠠᠵᠢᠯᠲᠠᠨ ᠠᠵᠢᠯᠴᠢᠨ ᠤ ᠰᠢᠨ᠎ᠡ ᠶᠢ ᠡᠭᠦᠳᠬᠦ ᠪᠠ ᠰᠣᠶᠣᠯ ᠪᠡᠶ᠎ᠡ ᠶᠢᠨ ᠲᠠᠮᠢᠷ ᠤᠨ ᠬᠥᠭᠵᠢᠯᠲᠡ ᠶᠢᠨ ᠨᠡᠶᠢᠭᠡᠮᠯᠢᠭ ᠳᠡᠮᠵᠢᠪᠡ᠃    ᠤᠷᠤᠯᠳᠤᠭᠠᠨ ᠤ ᠲᠤᠬᠠᠶ ᠶᠢᠨ ᠲᠠᠯᠠᠪᠠᠢ ᠳᠤ᠂ ᠪᠦᠬᠦ ᠤᠯᠤᠰ ᠤᠨ ᠡᠯ᠎ᠡ ᠭᠠᠵᠠᠷ ᠠᠴᠠ ᠢᠷᠡᠭᠰᠡᠨ ᠮᠢᠩᠭ᠎ᠠ ᠰᠢᠬᠠᠮ ᠲᠠᠮᠢᠷᠴᠢᠨ ᠤᠷᠤᠯᠳᠤᠭᠠᠨ ᠳᠤ ᠣᠷᠣᠯᠴᠠᠪᠠ᠃ ᠲᠣᠰ ᠤᠳᠠᠭᠠᠨ ᠤ ᠤᠷᠤᠯᠳᠤᠭᠠᠨ ᠢ ᠨᠠᠰᠤᠨ ᠳᠤ ᠬᠦᠷᠦᠭᠰᠡᠳ ᠤᠨ ᠳᠤᠭᠤᠶᠢᠯᠠᠩ ᠪᠠ ᠡᠴᠢᠭᠡ ᠡᠬᠡ ᠦᠷ᠎ᠡ ᠬᠡᠤᠬᠡᠳ ᠤᠨ ᠳᠤᠭᠤᠶᠢᠯᠠᠩ ᠭᠡᠵᠦ ᠬᠤᠪᠢᠶᠠᠨ᠎ᠠ᠃ ᠨᠠᠰᠤᠨ ᠳᠤ ᠬᠦᠷᠦᠭᠰᠡᠳ ᠤᠨ ᠳᠤᠭᠤᠢᠯᠠᠩ ᠨᠢ 5 ᠬᠥᠮᠦᠨ ᠢᠶᠠᠷ ᠨᠢᠭᠡᠴᠢ ᠪᠣᠯᠭᠠᠵᠤ᠂ ᠪᠦᠬᠦ ᠶᠠᠪᠤᠴᠠ ᠶᠢ ᠨᠢ 10 ᠺᠢᠯᠣᠮᠧᠲᠷ᠂ ᠡᠴᠢᠭᠡ ᠡᠬᠡ ᠦᠷ᠎ᠡ ᠬᠡᠦᠬᠡᠳ ᠤᠨ ᠳᠤᠭᠤᠢᠯᠠᠩ ᠨᠢ 3 ᠬᠥᠮᠦᠨ ᠢᠶᠠᠷ ᠨᠢᠭᠡᠴᠢ ᠪᠣᠯᠭᠠᠵᠤ᠂ ᠪᠦᠬᠦ ᠶᠠᠪᠤᠴᠠ ᠶᠢ ᠨᠢ ᠪᠠᠷᠤᠭ 3 ᠺᠢᠯᠣᠮᠧᠲᠷ᠃ ᠲᠣᠭᠲᠠᠭᠰᠠᠨ ᠴᠠᠭ ᠤᠨ ᠳᠣᠲᠣᠷ᠎ᠠ ᠵᠢᠷᠦᠬᠡ ᠠᠭᠤᠰᠬᠢᠨ ᠤ ᠰᠡᠷᠭᠦᠭᠡᠯᠲᠡ + AED ᠠᠵᠢᠯᠯᠠᠭ᠎ᠠ᠂ ᠬᠡᠢ ᠶᠢᠨ ᠵᠠᠮ ᠤᠨ ᠣᠨᠳᠣᠤ ᠪᠣᠳᠠᠰ ᠤᠨ ᠲᠦᠭᠵᠢᠷᠡᠯ᠂ ᠪᠠᠴᠢᠮ ᠪᠠᠶᠢᠳᠠᠯ ᠢ ᠠᠷᠭᠠᠴᠠᠵᠤ ᠠᠪᠤᠷᠠᠬᠤ ᠮᠡᠳᠡᠯᠭᠡ ᠶᠢᠨ ᠠᠰᠠᠭᠤᠯᠲᠠ ᠬᠠᠷᠢᠭᠤᠯᠲᠠ᠂ ᠭᠠᠳᠠᠷ ᠰᠢᠷᠬ᠎ᠠ ᠵᠡᠷᠭᠡ ᠶᠢ ᠪᠣᠭᠤᠭᠰᠠᠨ᠂ ᠳᠠᠮᠨᠠᠭᠤᠷ ᠢ ᠵᠥᠭᠡᠭᠡᠪᠦᠷᠢᠯᠡᠭᠰᠡᠨ 5 ᠵᠦᠢᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠬᠤ ᠡᠭᠦᠷᠭᠡ ᠶᠢ ᠪᠡᠶᠡᠯᠡᠭᠦᠯᠦᠨ᠎ᠡ᠃ ᠤᠷᠤᠯᠳᠤᠭᠠᠨ ᠤ ᠶᠠᠪᠤᠴᠠ ᠳᠤ ᠨᠡᠶᠢᠲᠡ ᠶᠢᠨ ᠠᠰᠠᠷᠠᠮᠵᠢ ᠶᠢᠨ ᠨᠢᠭᠦᠯᠡᠰᠦᠩᠭᠦᠶ ᠶᠢ ᠦᠢᠯᠡᠳᠦᠯᠭᠡᠵᠢᠬᠦᠯᠵᠦ᠂ ᠲᠦᠷᠭᠡᠨ ᠠᠪᠤᠷᠠᠯᠲᠠ ᠶᠢᠨ ᠮᠡᠳᠡᠯᠭᠡ ᠶᠢ ᠰᠤᠷᠤᠯᠴᠠᠵᠤ᠂ ᠬᠥᠮᠦᠯᠢᠭ ᠵᠣᠷᠢᠭ ᠰᠠᠨᠠᠭ᠎ᠠ ᠶᠢ ᠣᠶᠢᠯᠠᠭᠠᠪᠠ᠃    ᠳᠤᠮᠳᠠᠳᠤ ᠤᠯᠤᠰ ᠤᠨ ᠤᠯᠠᠭᠠᠨ ᠵᠠᠭᠠᠯᠮᠠᠶᠢᠲᠠᠨ ᠤ ᠰᠠᠭᠤᠷᠢ ᠮᠥᠩᠭᠦᠨ ᠤ ᠨᠡᠶᠢᠭᠡᠮᠯᠢᠭ ᠤᠨ ᠬᠡᠷᠡᠭ ᠡᠷᠬᠢᠯᠡᠭᠴᠢᠳ ᠤᠨ ᠳᠠᠷᠤᠭ᠎ᠠ ᠪᠸᠢ ᠰᠢᠶᠤᠤ ᠴᠤᠤ᠂ ᠢᠯᠢ ᠪᠦᠯᠦᠭᠯᠡᠯ ᠤᠨ ᠳᠡᠭᠡᠳᠦ ᠵᠡᠷᠭᠡ ᠶᠢᠨ ᠭᠦᠢᠴᠡᠳᠬᠡᠬᠦ ᠶᠡᠷᠦᠩᠬᠡᠶ ᠵᠠᠬᠢᠷᠤᠯ ᠵᠠᠩ ᠵᠢᠶᠠᠨ ᠴᠢᠦ ᠵᠢᠴᠢ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠂ ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠬᠠᠮᠢᠶ᠎ᠠ ᠪᠥᠬᠦᠶ ᠬᠠᠷᠢᠭᠤᠴᠠᠯᠭᠠᠲᠠᠨ᠂ ᠬᠤᠰᠢᠭᠤᠨ ᠤ ᠤᠳᠤᠷᠢᠳᠤᠯᠭ᠎ᠠ ᠯᠢ ᠷᠦᠢ ᠾᠧᠩ᠂ ᠯᠢᠦᠶ ᠸᠧᠨ ᠫᠢᠩ᠂ ᠭᠧ ᠶᠢᠨ ᠯᠢᠩ ᠨᠡᠷ ᠠᠵᠢᠯᠯᠠᠭ᠎ᠠ ᠳᠤ ᠣᠷᠣᠯᠴᠠᠵᠠᠶ᠃
 
ᠢᠷᠡᠯᠲᠡ᠄ ᠲᠦᠮᠡᠳ ᠵᠡᠭᠦᠨ ᠬᠤᠰᠢᠭᠤᠨ ᠤ ᠬᠠᠮ ᠵᠠᠭᠤᠴᠢᠯᠠᠭᠤᠷ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号