ᠰᠢᠶᠠᠩ ᠲᠣᠰᠬᠤᠨ ᠤ ᠵᠠᠮ ᠬᠢᠭᠡᠳ ᠤᠯᠤᠰ ᠤᠨ ᠵᠠᠮ ᠤᠨ ᠠᠭᠤᠯᠵᠠᠷ ᠤᠨ ᠠᠮᠤᠷ ᠲᠦᠪᠰᠢᠨ ᠤ ᠳᠠᠯᠳᠠ ᠭᠡᠮ ᠢ ᠵᠢᠭᠰᠠᠭᠠᠨ ᠪᠠᠶᠢᠴᠠᠭᠠᠬᠤ ᠠᠵᠢᠯ ᠢ ᠪᠦᠬᠦ ᠲᠠᠯ᠎ᠠ ᠪᠠᠷ ᠴᠢᠩᠭᠠᠳᠬᠠᠬᠤ ᠬᠡᠷᠡᠭᠲᠡᠶ
ᠨᠡᠶᠢᠲᠡᠯᠡᠭᠰᠡᠨ ᠴᠠᠭ᠄
2024/8/13
    ᠣᠯᠠᠨ ᠲᠦᠮᠡᠨ ᠤ ᠲᠤᠰᠬᠠᠭᠰᠠᠨ ︽ᠪᠠᠴᠢᠮ ᠪᠡᠷᠬᠡ ᠵᠣᠪᠠᠨᠢᠯ︾ ᠤᠨ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ᠬᠥᠳᠡᠭᠡ ᠲᠣᠰᠬᠤᠨ ᠤ ᠵᠠᠮ ᠤᠨ ᠠᠮᠤᠷ ᠲᠦᠪᠰᠢᠨ ᠤ ᠳᠠᠯᠳᠠ ᠬᠡᠮ ᠢ ᠵᠠᠰᠠᠬᠤ ᠠᠵᠢᠯ ᠢ ᠪᠥᠬᠦ ᠲᠠᠯ᠎ᠠ ᠪᠠᠷ ᠴᠢᠩᠭᠠᠳᠬᠠᠵᠤ᠂ ᠵᠠᠮ ᠤᠨ ᠠᠮᠤᠷ ᠲᠦᠪᠰᠢᠨ ᠤ ᠲᠡᠮᠳᠡᠭ ᠫᠠᠶᠢᠰᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠣᠯᠠᠨ ᠲᠦᠮᠡᠨ ᠤ ᠶᠠᠪᠤᠵᠤ ᠰᠠᠭᠤᠬᠤ ᠠᠮᠤᠷ ᠲᠦᠪᠰᠢᠨ ᠢ ᠦᠨᠡᠨᠬᠦ ᠪᠠᠲᠤᠯᠠᠪᠠ᠃ ᠲᠦᠮᠡᠳ ᠵᠡᠭᠦᠨ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢᠨ ᠬᠠᠮᠢᠶ᠎ᠠ ᠪᠥᠬᠦᠶ ᠮᠡᠷᠭᠡᠵᠢᠯ ᠤᠨ ᠨᠥᠬᠦᠳ ᠴᠡᠯᠡᠭᠡᠷ ᠲᠠᠯ᠎ᠠ ᠪᠠᠯᠭᠠᠰᠤ ᠶᠢ ᠵᠣᠯᠭᠠᠭᠤᠯᠵᠤ᠂ ᠰᠢᠶᠠᠩ ᠲᠣᠰᠬᠤᠨ ᠤ ᠵᠠᠮ ᠬᠢᠭᠡᠳ ᠤᠯᠤᠰ ᠤᠨ ᠵᠠᠮ ᠤᠨ ᠠᠭᠤᠯᠵᠠᠷ ᠭᠠᠵᠠᠷ ᠤᠨ ᠠᠮᠤᠷ ᠲᠦᠪᠰᠢᠨ ᠤ ᠬᠡᠮ ᠰᠣᠭᠤᠭ ᠤᠨ ᠠᠰᠠᠭᠤᠳᠠᠯ ᠤᠨ ᠲᠤᠬᠠᠶ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠦ ᠰᠤᠷᠪᠤᠯᠵᠢᠯᠠᠪᠠ᠃    ᠲᠣᠰ ᠤᠳᠠᠭᠠᠨ ᠤ ᠪᠠᠶᠢᠴᠠᠭᠠᠨ ᠰᠤᠳᠤᠯᠤᠯᠲᠠ ᠨᠢ ᠨᠡᠶᠢᠲᠡ 5 ᠬᠥᠳᠡᠭᠡ ᠲᠣᠰᠬᠤᠨ ᠤ ᠵᠠᠮ ᠪᠣᠯᠤᠨ ᠤᠯᠤᠰ ᠤᠨ ᠵᠠᠮ ᠤᠨ ᠠᠭᠤᠯᠵᠠᠷ ᠭᠠᠵᠠᠷ ᠲᠤ ᠬᠦᠷᠴᠦ᠂ 5 ᠠᠰᠠᠭᠤᠳᠠᠯ ᠤᠨ ᠳᠠᠯᠳᠠ ᠬᠡᠮ ᠰᠣᠭᠤᠭ ᠢ ᠢᠯᠡᠷᠡᠭᠦᠯᠵᠦ ᠂ ᠭᠤᠤᠯᠳᠠᠭᠤ ᠬᠤᠯᠪᠣᠭᠳᠠᠯ ᠪᠥᠬᠦᠶ ᠬᠥᠳᠡᠭᠡ ᠲᠣᠰᠬᠤᠨ ᠤ ᠵᠠᠮ ᠤᠨ ᠠᠭᠤᠯᠵᠠᠷ ᠲᠤ ᠰᠡᠷᠡᠮᠵᠢᠯᠡᠭᠦᠯᠬᠦ ᠫᠠᠶᠢᠰᠠ ᠳᠤᠲᠠᠭᠤ ᠪᠠᠶᠢᠵᠤ᠂ ᠪᠣᠶ ᠪᠥᠬᠦᠶ ᠠᠰᠠᠭᠤᠳᠠᠯ ᠢ ᠴᠥᠮ ᠴᠡᠭᠴᠡᠯᠡᠨ ᠰᠠᠶᠢᠵᠢᠷᠠᠭᠤᠯᠬᠤ ᠡᠬᠡ ᠲᠠᠩᠰᠠ ᠲᠣᠭᠲᠠᠭᠠᠵᠤ᠂ ᠣᠳᠣᠬᠠᠨ ᠳᠤ ᠲᠦᠮᠡᠳ ᠵᠡᠭᠦᠨ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢᠨ ᠠᠷᠠᠴᠢᠯᠠᠨ ᠬᠠᠮᠠᠭᠠᠯᠠᠬᠤ ᠲᠥᠪ ᠶᠠᠭ ᠬᠤᠯᠪᠣᠭᠳᠠᠯ ᠪᠥᠬᠦᠶ ᠰᠢᠶᠠᠩ ᠪᠠᠯᠭᠠᠰᠤ ᠶᠢ ᠢᠳᠡᠪᠬᠢᠲᠡᠶ ᠬᠠᠮᠵᠢᠨ ᠴᠡᠭᠴᠡᠯᠡᠨ ᠰᠠᠶᠢᠵᠢᠷᠠᠭᠤᠯᠵᠤ ᠪᠠᠶᠢᠨ᠎ᠠ᠃
 
ᠢᠷᠡᠯᠲᠡ᠄ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号