ᠲᠦᠮᠡᠳ ᠵᠡᠭᠦᠨ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ 2024 ᠣᠨ ᠤ ᠭᠤᠤᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/8/13
   8 ᠰᠠᠷ᠎ᠠ ᠶᠢᠨ 11 ᠤ ᠡᠳᠦᠷ᠂ ᠲᠦᠮᠡᠳ ᠵᠡᠭᠦᠨ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠳᠤ ᠭᠤᠤᠯᠳᠠᠯᠭ᠎ᠠ ᠲᠠᠢ ᠡᠭᠦᠷᠭᠡ ᠭᠤᠤᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠵᠤ᠂ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠵᠧᠤ ᠶᠦᠨ ᠡᠷᠭᠢᠯᠡᠵᠦ᠂ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠡᠯ᠎ᠡ ᠲᠠᠰᠤᠭ ᠤᠨ ᠲᠥᠪ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃    ᠬᠤᠷᠠᠯ ᠳᠡᠭᠡᠷ᠎ᠡ᠂ ᠲᠥᠷᠥᠯ ᠵᠦᠢᠯ ᠢ ᠳᠠᠭᠠᠭᠠᠴᠢᠯᠠᠨ ᠬᠠᠷᠢᠯᠴᠠᠬᠤ ᠲᠣᠪᠴᠢᠶ᠎ᠠ ᠶᠢᠨ ᠤᠳᠤᠷᠢᠳᠤᠯᠭ᠎ᠠ᠂ ᠪᠣᠳᠠᠲᠠᠶ ᠬᠠᠷᠢᠭᠤᠴᠠᠯᠭᠠᠲᠠᠨ ᠲᠥᠷᠥᠯ ᠵᠦᠢᠯ ᠤᠨ ᠦᠨᠳᠦᠰᠦᠨ ᠪᠠᠶᠢᠳᠠᠯ᠂ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠭᠡᠭᠰᠡᠨ ᠪᠠᠶᠢᠳᠠᠯ᠂ ᠠᠵᠢᠯ ᠤᠨ ᠠᠬᠢᠴᠠ᠂ ᠲᠥᠷᠥᠯ  ᠵᠦᠢᠯ ᠢ ᠠᠬᠢᠭᠤᠯᠬᠤ ᠶᠠᠪᠤᠴᠠ ᠳᠤ ᠣᠷᠣᠰᠢᠵᠤ ᠪᠠᠶᠢᠭ᠎ᠠ ᠬᠦᠴᠢᠷᠳᠡᠯ ᠵᠢᠴᠢ ᠰᠢᠢᠳᠪᠦᠷᠢᠯᠡᠬᠦ ᠠᠷᠭ᠎ᠠ ᠬᠡᠮᠵᠢᠶ᠎ᠡ ᠶᠢᠨ ᠲᠤᠬᠠᠶ ᠲᠣᠰ ᠲᠣᠰ ᠬᠠᠷᠢᠭᠤ ᠮᠡᠳᠡᠭᠦᠯᠦᠯᠲᠡ ᠬᠢᠪᠠ᠃ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠵᠧᠤ ᠶᠦᠨ ᠨᠢᠭᠡᠳ ᠨᠢᠭᠡ ᠪᠠᠷ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠲᠥᠷᠥᠯ ᠵᠦᠢᠯ ᠢ ᠠᠬᠢᠭᠤᠯᠬᠤ ᠶᠠᠪᠤᠴᠠ ᠳᠤ ᠣᠷᠣᠰᠢᠵᠤ ᠪᠠᠶᠢᠭ᠎ᠠ ᠬᠦᠴᠢᠷᠳᠡᠯ ᠳᠤ ᠪᠣᠳᠠᠲᠠᠶ  ᠰᠢᠢᠳᠪᠦᠷᠢᠯᠡᠬᠦ ᠠᠷᠭ᠎ᠠ ᠵᠠᠮ ᠳᠤᠷᠠᠳᠴᠠᠶ᠃    ᠬᠤᠷᠠᠯ ᠠᠴᠠ᠂ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠭᠤᠣᠯᠳᠠᠯᠭ᠎ᠠ ᠲᠠᠢ ᠲᠦᠷᠦᠯ ᠵᠦᠢᠯ ᠤᠨ ᠠᠬᠢᠴᠠ ᠶᠢ ᠪᠡᠶ᠎ᠡ ᠪᠠᠷ ᠢᠶᠠᠨ ᠲᠤᠬᠢᠷᠠᠭᠤᠯᠵᠤ᠂ ᠡᠯ᠎ᠡ ᠲᠠᠰᠤᠭ ᠨᠢᠭᠲᠠ ᠬᠠᠮᠵᠢᠯᠴᠠᠵᠤ᠂ ᠲᠦᠷᠦᠯ ᠵᠦᠢᠯ ᠢ ᠠᠬᠢᠭᠤᠯᠬᠤ ᠠᠵᠢᠯ ᠢ ᠰᠠᠶᠢᠲᠤᠷ ᠬᠢᠵᠦ᠂ ᠭᠤᠣᠯᠳᠠᠯᠭ᠎ᠠ ᠲᠠᠢ ᠠᠵᠢᠯ ᠢ ᠲᠣᠭᠲᠠᠭᠰᠠᠨ ᠬᠤᠭᠤᠴᠠᠭᠠᠨ ᠳᠤ ᠴᠢᠨᠠᠷ ᠢ ᠪᠠᠲᠤᠯᠠᠨ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃
 
ᠢᠷᠡᠯᠲᠡ᠄ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号