ᠶᠡᠷᠦᠩᠬᠡᠶ ᠱᠦᠵᠢ ᠰᠢ ᠶᠢᠨ ᠫᠢᠩ ᠤᠨ ᠰᠢᠷᠢᠰ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ | ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ︽ᠲᠠᠪᠤᠨ ᠶᠡᠭᠡ ᠡᠭᠦᠷᠭᠡ︾ ᠪᠣᠯᠤᠨ ᠥᠪᠡᠷᠲᠡᠭᠡᠨ ᠵᠠᠰᠠᠬᠤ | ᠣᠷᠣᠨ ᠤ ᠭᠤᠤᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠰᠢᠨ᠎ᠡ ᠶᠢ ᠡᠭᠦᠳᠦᠨ ᠬᠥᠭᠵᠢᠬᠦ ᠶᠢ | ᠨᠠᠶᠢᠳᠠᠪᠤᠷᠢᠵᠢᠭᠤᠯᠬᠤ ᠶᠢᠨ ᠲᠣᠭᠤᠷᠢᠨ ᠳᠤ᠂ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠤᠨ ᠪᠡᠶ᠎ᠡ ᠪᠠᠨ ᠳᠠᠭᠠᠭᠠᠵᠤ | ᠬᠦᠴᠦᠷᠬᠡᠭᠵᠢᠬᠦ ᠶᠢ ᠬᠦᠴᠦᠯᠡᠨ ᠠᠬᠢᠭᠤᠯᠵᠤ᠂ ᠲᠦᠮᠡᠳ ᠵᠡᠭᠦᠨ ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ ᠤᠨ | ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠵᠦ᠂ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠯᠠ ᠮᠥᠩᠭᠦ ᠶᠢ ᠰᠠᠯᠭᠠᠨ ᠥᠭᠬᠦ ᠪᠠ ᠬᠢᠨᠠᠨ ᠬᠠᠮᠢᠶᠠᠷᠬᠤ ᠶᠢ | ᠴᠢᠩᠭᠠᠳᠬᠠᠨ᠂ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠤᠨ ᠨᠡᠭᠡᠭᠡᠬᠦ ᠶᠢ ᠠᠬᠢᠭᠤᠯᠵᠤ᠂ ᠲᠦᠮᠡᠳ ᠵᠡᠭᠦᠨ | ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠳᠤ ᠬᠦᠴᠦᠨ ᠨᠡᠮᠡᠷᠢᠯᠡᠪᠡ᠃ | ᠮᠠᠨ ᠤ ᠬᠤᠰᠢᠭᠤᠨ ᠤ ᠡᠳ᠋ ᠤᠨ ᠵᠠᠰᠠᠭ ᠠᠴᠠ 2024 ᠣᠨ ᠤ ᠬᠤᠲᠠ ᠶᠢᠨ ᠲᠣᠰ ᠱᠠᠲᠤᠨ ᠤ ᠰᠢᠨᠵᠢᠯᠡᠬᠦ | ᠤᠬᠠᠭᠠᠨ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ ᠢᠨᠵᠧᠨᠧᠷᠢᠩ ᠤᠨ ᠨᠢᠭᠡᠳᠦᠭᠡᠷ ᠪᠦᠯᠦᠭ ᠤᠨ | ᠭᠤᠤᠯᠳᠠᠯᠭ᠎ᠠ ᠲᠠᠢ ᠵᠢᠱᠢᠶ᠎ᠡ ᠦᠵᠡᠭᠦᠯᠬᠦ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠢᠯ ᠤᠨ | ᠪᠠᠯᠠ ᠮᠥᠩᠭᠦ ᠶᠢ 910 ᠲᠦᠮᠡᠨ ᠲᠥᠭᠦᠷᠢᠭ ᠪᠠᠭᠤᠯᠭᠠᠵᠤ᠂ ᠠᠵᠤ ᠠᠬᠤᠶᠢᠯᠠᠯ ᠤᠨ ᠵᠠᠩᠭᠢᠯᠠᠭ᠎ᠠ ᠶᠢᠨ ᠭᠤᠤᠯᠯᠠᠬᠤ | ᠮᠡᠷᠭᠡᠵᠢᠯ ᠤᠨ ᠠᠰᠠᠭᠤᠳᠠᠯ ᠢ ᠰᠢᠪᠲᠤᠯᠬᠤ ᠳᠤ ᠬᠦᠴᠦᠨ ᠨᠡᠮᠡᠷᠢᠯᠡᠵᠦ᠂ ᠰᠢᠨ᠎ᠡ ᠶᠠᠰᠤ ᠴᠢᠨᠠᠷ ᠤᠨ | ᠦᠢᠯᠡᠳᠪᠦᠷᠢᠯᠡᠯ ᠤᠨ ᠬᠦᠴᠦᠨ ᠢ ᠪᠤᠶᠢᠵᠢᠭᠤᠯᠤᠨ ᠬᠥᠭᠵᠢᠭᠦᠯᠬᠦ᠂ ᠬᠥᠭᠵᠢᠯᠲᠡ ᠶᠢᠨ ᠰᠢᠨ᠎ᠡ ᠬᠥᠳᠡᠯᠭᠡᠬᠦ | ᠴᠢᠳᠠᠪᠤᠷᠢ ᠶᠢ ᠨᠡᠮᠡᠭᠳᠡᠭᠦᠯᠬᠦ ᠳᠤ ᠬᠦᠴᠦᠲᠡᠶ ᠪᠠᠯᠠ ᠮᠥᠩᠭᠦ ᠶᠢᠨ ᠪᠠᠲᠤᠯᠠᠭ᠎ᠠ ᠬᠠᠩᠭᠠᠪᠠ᠃ |