ᠲᠦᠮᠡᠳ ᠵᠡᠭᠦᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ 8 ᠰᠠᠷ᠎ᠠ ᠳᠤ ᠵᠡᠮᠳᠡᠭᠴᠦᠳ ᠤᠨ ᠬᠤᠶᠠᠷ ᠵᠦᠢᠯ ᠤᠨ ᠨᠥᠬᠦᠪᠥᠷᠢ ᠶᠢᠨ ᠪᠠᠯᠠ ᠮᠥᠩᠭᠦ ᠶᠢ 147.33 ᠲᠦᠮᠡᠨ ᠲᠥᠭᠦᠷᠢᠭ ᠪᠠᠭᠤᠯᠭᠠᠪᠠ᠃
ᠨᠡᠶᠢᠲᠡᠯᠡᠭᠰᠡᠨ ᠴᠠᠭ᠄
2024/8/14
   2024 ᠣᠨ ᠤ 8 ᠰᠠᠷ᠎ᠠ ᠳᠤ ᠲᠦᠮᠡᠳ ᠵᠡᠭᠦᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠬᠦᠴᠢᠷᠳᠡᠯᠲᠡᠶ ᠵᠡᠮᠳᠡᠭᠴᠦᠳ ᠤᠨ ᠠᠮᠢᠳᠤᠷᠠᠯ ᠤᠨ ᠨᠥᠬᠦᠪᠥᠷᠢ ᠶᠢᠨ ᠪᠠᠯᠠ ᠮᠥᠩᠭᠦ᠂ ᠬᠦᠨᠳᠦ ᠵᠡᠮᠳᠡᠭᠴᠦᠳ ᠤᠨ ᠰᠤᠪᠢᠯᠠᠯᠲᠠ ᠶᠢᠨ ᠨᠥᠬᠦᠪᠥᠷᠢ ᠶᠢᠨ ᠪᠠᠯᠠ ᠮᠥᠩᠭᠦ ᠶᠢ ᠨᠡᠶᠢᠲᠡ 147.33 ᠲᠦᠮᠡᠨ ᠲᠥᠭᠦᠷᠢᠭ ᠰᠠᠯᠭᠠᠨ ᠥᠭᠪᠡ᠃ ᠪᠡᠯᠡ ᠮᠥᠩᠭᠦ ᠶᠢᠨ ᠠᠮᠤᠷ ᠲᠦᠪᠰᠢᠨ ᠪᠠ ᠬᠡᠷᠡᠭᠯᠡᠯᠲᠡ ᠶᠢᠨ ᠦᠷ᠎ᠡ ᠠᠰᠢᠭ ᠢ ᠪᠠᠲᠤᠯᠠᠭᠰᠠᠨ ᠤᠷᠢᠲᠠᠯ ᠳᠣᠤᠷ᠎ᠠ᠂ ᠵᠠᠷᠤᠯᠭ᠎ᠠ ᠶᠢᠨ ᠠᠬᠢᠴᠠ ᠶᠢ ᠦᠨᠡᠨᠬᠦ ᠲᠦᠷᠭᠡᠳᠬᠡᠵᠦ᠂ ᠨᠥᠬᠦᠪᠥᠷᠢ ᠶᠢ ᠴᠠᠭ ᠲᠤᠬᠠᠶ ᠳᠤᠨᠢ ᠲᠤᠭ᠎ᠠ ᠶᠣᠰᠣᠭᠠᠷ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠵᠤ᠂ ᠨᠥᠬᠦᠴᠡᠯ ᠳᠤ ᠨᠡᠶᠢᠴᠡᠬᠦ ᠪᠠᠲᠤᠯᠠᠭ᠎ᠠ ᠶᠢᠨ ᠡᠲᠡᠭᠡᠳ ᠲᠤ ᠦᠨᠡᠨᠬᠦ ᠠᠰᠢᠭ ᠬᠦᠷᠲᠡᠭᠡᠬᠦ ᠬᠡᠷᠡᠭᠲᠡᠶ᠃    ᠵᠡᠮᠳᠡᠭᠴᠦᠳ ᠤᠨ ᠬᠤᠶᠠᠷ ᠵᠦᠢᠯ ᠤᠨ ᠨᠥᠬᠦᠪᠥᠷᠢ ᠶᠢᠨ ᠲᠥᠷᠥ ᠶᠢᠨ ᠪᠣᠳᠣᠯᠭ᠎ᠠ ᠪᠣᠯ ᠠᠷᠠᠳ ᠤᠨ ᠠᠮᠢᠳᠤᠷᠠᠯ ᠢ ᠪᠠᠲᠤᠯᠠᠬᠤ᠂ ᠬᠤᠷᠢᠭ᠎ᠠ ᠱᠤᠭᠤᠮ ᠢ ᠪᠠᠲᠤᠯᠠᠬᠤ᠂ ᠲᠥᠪ ᠭᠤᠤᠯᠴᠢ ᠪᠠᠶᠢᠬᠤ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠠᠶᠢᠵᠤ᠂ ᠵᠡᠮᠳᠡᠭᠴᠦᠳ ᠤᠨ ᠣᠷᠣᠰᠢᠨ ᠲᠣᠭᠲᠠᠨᠢᠵᠤ ᠬᠥᠭᠵᠢᠬᠦ ᠡᠷᠬᠡ ᠠᠰᠢᠭ ᠢ ᠪᠠᠲᠤᠯᠠᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃
 
ᠢᠷᠡᠯᠲᠡ᠄ ᠲᠦᠮᠡᠳ ᠵᠡᠭᠦᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号