ᠲᠦᠮᠡᠳ ᠵᠡᠭᠦᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ 8 ᠰᠠᠷ᠎ᠠ ᠳᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠠᠮᠤᠭ ᠳᠣᠣᠷ᠎ᠠ ᠠᠮᠢᠳᠤᠷᠠᠯ ᠤᠨ ᠪᠠᠲᠤᠯᠠᠭ᠎ᠠ ᠶᠢᠨ ᠪᠡᠯᠡ ᠮᠥᠩᠭᠦ ᠶᠢ 1642.11 ᠲᠦᠮᠡᠨ ᠲᠥᠭᠦᠷᠢᠭ ᠪᠠᠭᠤᠯᠭᠠᠪᠠ᠃
ᠨᠡᠶᠢᠲᠡᠯᠡᠭᠰᠡᠨ ᠴᠠᠭ᠄
2024/8/14
    ᠲᠦᠮᠡᠳ ᠵᠡᠭᠦᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠬᠠᠮᠤᠭ ᠳᠣᠣᠷ᠎ᠠ ᠠᠮᠢᠳᠤᠷᠠᠯ ᠤᠨ ᠪᠠᠲᠤᠯᠠᠭ᠎ᠠ ᠶᠢᠨ ᠪᠠᠯᠠ ᠮᠥᠩᠭᠦ ᠶᠢ ᠰᠠᠯᠭᠠᠨ ᠥᠭᠴᠦ ᠳᠤᠮᠳᠠ ᠠᠴᠠ ᠨᠢ ᠦᠯᠡᠳᠡᠭᠡᠬᠦ᠂ ᠨᠡᠭᠦᠯᠭᠡᠨ ᠬᠡᠷᠡᠭᠯᠡᠬᠦ᠂ ᠰᠠᠭᠤᠯᠭᠠᠨ ᠠᠪᠴᠤ ᠪᠣᠯᠬᠤ ᠥᠬᠡᠶ ᠵᠠᠷᠴᠢᠮ ᠢ ᠪᠠᠷᠢᠮᠲᠠᠯᠠᠨ᠂ ᠬᠠᠮᠤᠭ ᠳᠣᠣᠷ᠎ᠠ ᠠᠮᠢᠳᠤᠷᠠᠯ ᠤᠨ ᠪᠠᠲᠤᠯᠠᠭ᠎ᠠ ᠶᠢᠨ ᠪᠠᠯᠠ ᠮᠥᠩᠭᠦ ᠶᠢ ᠰᠠᠯᠭᠠᠨ ᠥᠭᠬᠦ ᠲᠥᠷᠥ ᠶᠢᠨ ᠪᠣᠳᠣᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠪᠠ᠃ ᠰᠠᠯᠭᠠᠨ ᠥᠭᠬᠦ ᠶᠠᠪᠤᠴᠠ ᠳᠤ᠂ ᠠᠵᠢᠯᠲᠠᠳ ᠢ ᠨᠠᠷᠢᠨ ᠬᠢᠨᠠᠮᠠᠭᠠᠶ ᠬᠠᠷᠭᠤᠭᠤᠯᠵᠤ᠂ ᠬᠠᠮᠤᠭ ᠳᠣᠣᠷ᠎ᠠ ᠠᠮᠢᠳᠤᠷᠠᠯ ᠤᠨ ᠪᠠᠲᠤᠯᠠᠭ᠎ᠠ ᠶᠢᠨ ᠪᠠᠯᠠ ᠮᠥᠩᠭᠦ ᠰᠠᠯᠭᠠᠨ ᠥᠭᠬᠦ ᠱᠠᠭᠠᠷᠳᠠᠯᠭ᠎ᠠ ᠶᠢ ᠴᠠᠭ ᠲᠤᠬᠠᠶ ᠳᠤᠨᠢ ᠴᠢᠩᠭ᠎ᠠ ᠵᠢᠷᠤᠮᠯᠠᠨ ᠪᠠᠯᠠ ᠮᠥᠩᠭᠦ ᠰᠠᠯᠭᠠᠨ ᠥᠭᠴᠦ᠂ ᠬᠠᠮᠤᠭ ᠳᠣᠣᠷ᠎ᠠ ᠠᠮᠢᠳᠤᠷᠠᠯ ᠤᠨ ᠪᠠᠲᠤᠯᠠᠭ᠎ᠠ ᠶᠢᠨ ᠪᠠᠯᠠ ᠮᠥᠩᠭᠦ ᠶᠢ ᠴᠠᠭ ᠲᠤᠬᠠᠶ ᠳᠤᠨᠢ ᠲᠤᠭ᠎ᠠ ᠶᠣᠰᠣᠭᠠᠷ ᠰᠠᠯᠭᠠᠨ ᠥᠭᠴᠦ ᠪᠣᠳᠠᠲᠠᠶᠢᠵᠢᠭᠤᠯᠬᠤ ᠶᠢ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃    2024 ᠣᠨ ᠤ 8 ᠰᠠᠷ᠎ᠠ ᠳᠤ ᠬᠤᠳᠠ ᠬᠥᠳᠡᠭᠡ ᠶᠢᠨ ᠬᠠᠮᠤᠭ ᠳᠣᠣᠷ᠎ᠠ ᠠᠮᠢᠳᠤᠷᠠᠯ ᠤᠨ ᠪᠠᠲᠤᠯᠠᠭ᠎ᠠ ᠶᠢᠨ ᠨᠥᠬᠦᠪᠥᠷᠢ ᠮᠥᠩᠭᠦ ᠶᠢ 1642.11 ᠲᠦᠮᠡᠨ ᠲᠥᠭᠦᠷᠢᠭ ᠪᠠᠭᠤᠯᠭᠠᠪᠠ᠃ ᠡᠭᠦᠨ ᠳᠤ ᠬᠤᠲᠠ ᠶᠢᠨ ᠰᠠᠭᠤᠭᠠᠯᠢ ᠠᠷᠠᠳ ᠤᠨ ᠬᠠᠮᠤᠭ ᠳᠣᠣᠷ᠎ᠠ ᠠᠮᠢᠳᠤᠷᠠᠯ ᠤᠨ ᠪᠠᠲᠤᠯᠠᠭ᠎ᠠ ᠶᠢᠨ ᠨᠥᠬᠦᠪᠥᠷᠢ 32.19 ᠲᠦᠮᠡᠨ ᠲᠥᠭᠦᠷᠢᠭ᠂ ᠬᠥᠳᠡᠭᠡ ᠲᠣᠰᠬᠤᠨ ᠤ ᠬᠠᠮᠤᠭ ᠳᠣᠣᠷ᠎ᠠ ᠠᠮᠢᠳᠤᠷᠠᠯ ᠤᠨ ᠪᠠᠲᠤᠯᠠᠭ᠎ᠠ ᠶᠢᠨ ᠨᠥᠬᠦᠪᠥᠷᠢ 1609.92 ᠲᠦᠮᠡᠨ ᠲᠥᠭᠦᠷᠢᠭ ᠰᠠᠯᠭᠠᠨ ᠥᠭᠴᠦ᠂ ᠣᠷᠣᠯᠭ᠎ᠠ ᠪᠠᠭᠠᠲᠠᠶ ᠬᠥᠮᠦᠰ ᠤᠨ ᠦᠨᠳᠦᠰᠦᠨ ᠠᠮᠢᠳᠤᠷᠠᠯ ᠢ ᠦᠨᠡᠨ ᠬᠦ ᠪᠠᠲᠤᠯᠠᠪᠠ᠃
 
ᠢᠷᠡᠯᠲᠡ᠄ ᠲᠦᠮᠡᠳ ᠵᠡᠭᠦᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号